ᠰᠦᠨ ᠱᠤᠤ ᠴᠧᠩ ᠲᠡᠭᠦᠨ ᠤ ᠪᠠᠶᠢᠭ᠎ᠠ ᠨᠠᠮ ᠤᠨ ᠡᠭᠦᠷ ᠤᠨ ᠢᠶᠠᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/2/24
      2 ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠡᠩ ᠤᠨ ᠨᠠᠮ ᠤᠨ ᠭᠡᠰᠢᠭᠦᠨ ᠤ ᠬᠤᠪᠢ ᠪᠠᠷ᠂ ᠲᠡᠭᠦᠨ ᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠤᠨ ᠨᠠᠮ ᠤᠨ ᠡᠭᠦᠷ ᠲᠤ ᠬᠦᠷᠴᠦ᠂ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠪᠡ᠃ ᠲᠠᠷᠠᠭ᠎ᠠ ᠨᠢ᠂ ᠨᠠᠮ ᠤᠨ ᠡᠭᠦᠷ ᠤᠨ ᠨᠠᠮ ᠤᠨ ᠭᠡᠰᠢᠭᠦᠨ ᠦᠵᠡᠯ ᠰᠠᠨᠠᠭ᠎ᠠ᠂ ᠠᠵᠢᠯ᠂ ᠰᠤᠷᠲᠠᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃      ᠰᠦᠨ ᠱᠤᠤ ᠴᠧᠩ᠂ ᠨᠠᠮ ᠤᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠤᠯᠠᠨ ᠢᠶᠠᠷ ᠢᠶᠠᠨ ᠠᠰᠠᠭᠤᠳᠠᠯ ᠢ ᠪᠠᠶᠢᠴᠠᠭᠠᠨ ᠳᠡᠯᠭᠡᠵᠦ᠂ ᠰᠢᠯᠲᠠᠭᠠᠨ ᠢ ᠨᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ ᠴᠡᠭᠴᠡᠯᠡᠨ ᠰᠠᠶᠢᠵᠢᠷᠠᠭᠤᠯᠬᠤ ᠴᠢᠭᠯᠡᠯ ᠢ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠱᠢᠭᠰᠡᠨ ᠬᠠᠷᠠᠯᠲᠠ ᠳᠠᠭᠠᠨ ᠬᠦᠷᠴᠡᠢ ᠭᠡᠵᠡᠢ᠃ ᠲᠡᠷᠡ᠂ ᠡᠨᠡ ᠬᠡᠳᠦᠨ ᠵᠢᠯ ᠳᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠠᠵᠢᠯ ᠢ ᠮᠠᠰᠢ ᠯᠠᠪᠳᠠᠭᠤᠨ ᠪᠠᠲᠤᠲᠠᠢ ᠥᠷᠨᠢᠭᠦᠯᠵᠦ᠂ ᠲᠢᠩᠬᠢᠮ ᠳᠠᠶᠠᠭᠠᠷ ᠢᠶᠠᠨ ᠴᠤᠭ ᠵᠢᠪᠬᠤᠭ᠎ᠠ ᠲᠡᠭᠦᠯᠳᠡᠷ ᠪᠠᠶᠢᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ᠂ ᠡᠷᠭᠢᠯᠲᠡ ᠶᠢ ᠪᠠᠲᠤᠯᠠᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠰᠢᠷᠭᠠᠭᠤ ᠠᠵᠢᠯᠯᠠᠵᠤ᠂ ᠢᠯᠡᠳᠲᠡ ᠦᠷ᠎ᠡ ᠪᠦᠲᠦᠮᠵᠢ ᠣᠯᠪᠠ᠃ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠭᠤᠷᠪᠠ ᠳᠤ ᠦᠢᠯᠡᠴᠢᠯᠡᠬᠦ︾ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠡᠯ᠎ᠡ ᠲᠠᠯ᠎ᠠ᠂ ᠦᠭᠡ ᠶᠠᠷᠢᠶ᠎ᠠ ᠦᠢᠯᠡ ᠠᠵᠢᠯᠯᠠᠭ᠎ᠠ ᠪᠣᠯᠭᠠᠨ ᠳᠡᠭᠡᠷ᠎ᠡ ᠪᠠᠨ ᠢᠯᠡᠷᠡᠭᠦᠯᠵᠦ᠂ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ ᠡᠵᠡᠮᠰᠢᠨ ᠨᠡᠪᠲᠡᠷᠡᠲᠡᠯ᠎ᠡ ᠣᠶᠢᠯᠠᠭᠠᠭᠰᠠᠨ ᠤ ᠰᠠᠭᠤᠷᠢᠨ ᠳᠡᠭᠡᠷ᠎ᠡ ᠠᠵᠢᠯ ᠤᠨ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ᠃ ᠵᠥᠪᠯᠡᠭᠴᠢ ᠪᠤᠯᠬᠤ ᠳᠠᠭᠠᠨ ᠴᠢᠳᠠᠮᠠᠭᠠᠢ ᠪᠠᠶᠢᠵᠤ᠂ ︽ᠴᠡᠷᠢᠭ ᠪᠠᠶᠢᠯᠳᠤᠭᠴᠢ ᠶᠢᠨ ᠪᠠᠶᠢᠷᠢᠨ ᠳᠡᠭᠡᠷ᠎ᠡ ᠪᠠᠶᠢᠭᠰᠠᠨ ᠴᠧ ᠵᠠᠩᠵᠤᠨ ᠮᠠᠷᠱᠠᠯ ᠤᠨ ᠪᠣᠳᠣᠯᠭ᠎ᠠ ᠤᠬᠠᠭᠠᠨ ᠲᠠᠢ ᠪᠠᠶᠢᠬᠤ︾᠎ ᠶᠢ ᠪᠠᠷᠢᠮᠲᠠᠯᠠᠵᠤ᠂ ᠡᠩ ᠤᠨ ᠦᠶ᠎ᠡ ᠳᠡᠭᠡᠨ ᠬᠦᠴᠦ ᠣᠷᠣᠭᠤᠯᠵᠤ᠂ ᠰᠢᠷᠭᠠᠭᠤ ᠰᠤᠷᠤᠯᠴᠠᠨ᠂ ᠨᠠᠷᠢᠨ ᠪᠣᠳᠣᠯᠬᠢᠯᠠᠵᠤ᠂ ᠢᠯᠡᠭᠦᠬᠡᠨ ᠬᠥᠳᠡᠯᠦᠯᠴᠡᠵᠦ᠂ ᠭᠤᠣᠯᠳᠠᠯᠭ᠎ᠠ ᠲᠠᠢ ᠵᠦᠢᠯ ᠪᠠ ᠵᠠᠩᠭᠢᠯᠠᠭ᠎ᠠ ᠶᠢᠨ ᠦᠶ᠎ᠡ ᠳᠤ ᠵᠥᠪᠯᠡᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠪᠠᠷ ᠴᠢᠷᠮᠠᠶᠢᠬᠤ ᠬᠡᠷᠡᠭᠲᠡᠢ᠃ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠠᠵᠢᠯ ᠳᠠᠭᠠᠨ ᠴᠧ ᠲᠠᠷᠠ᠂ ᠠᠮᠢᠳᠤᠷᠠᠯ ᠳᠠᠭᠠᠨ ᠴᠧ ᠲᠠᠷᠠ᠂ ᠴᠥᠮ ᠪᠡᠶ᠎ᠡ ᠪᠠᠨ ᠴᠢᠩᠭ᠎ᠠ ᠱᠠᠭᠠᠷᠳᠠᠬᠤ ᠶᠢᠨ ᠬᠠᠮᠲᠤ ︽ᠶᠣᠰᠣ ᠳᠦᠷᠢᠮ ᠲᠣᠭᠲᠠᠭᠠᠬᠤ︾ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠯ᠎ᠡ ᠱᠠᠲᠤᠨ ᠤ ᠬᠢᠨ ᠤ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠬᠤ ᠶᠢ ᠠᠬᠢᠭᠤᠯᠬᠤ ᠬᠡᠷᠡᠭᠲᠡᠢ᠃ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠳᠡᠭᠡᠷ᠎ᠡ ᠳᠣᠣᠷ᠎ᠠ ᠱᠠᠲᠤᠨ ᠳᠠᠭᠠᠨ ᠴᠥᠮ ᠰᠠᠶᠢᠲᠤᠷ ᠦᠢᠯᠡᠴᠢᠯᠡᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠠᠯᠠᠭᠤᠮᠰᠤᠭ ᠣᠪᠣᠷ ᠲᠠᠢ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠤᠯᠭᠠᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠣᠷᠣᠯᠴᠠᠵᠠᠢ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ