2024 ᠣᠨ ᠳᠤ ᠮᠠᠨ ᠤ ᠣᠷᠣᠨ ᠤ ᠤᠰᠤ ᠬᠡᠷᠡᠭᠯᠡᠭᠰᠡᠨ ᠶᠡᠷᠦᠩᠬᠡᠢ ᠬᠡᠮᠵᠢᠶ᠎ᠡ ᠨᠢ ᠳᠡᠭᠡᠷ᠎ᠡ ᠵᠢᠯ ᠤᠨ ᠬᠢ ᠠᠴᠠ 12.94 ᠳ᠋ᠦᠩᠰᠢᠭᠤᠷ ᠺᠦᠪ ᠮᠧᠲᠷ ᠪᠠᠭᠠᠰᠪᠠ
ᠨᠡᠶᠢᠲᠡᠯᠡᠭᠰᠡᠨ ᠴᠠᠭ᠄
2025/2/24
    ᠪᠥᠬᠦ ᠣᠷᠣᠨ ᠤ ᠤᠰᠤ ᠬᠡᠷᠡᠭᠯᠡᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠦᠨᠳᠦᠰᠦᠯᠡᠪᠡᠯ᠂ 2024 ᠣᠨ ᠳᠤ ᠪᠥᠬᠦ ᠣᠷᠣᠨ ᠤ ᠣᠨ ᠤ ᠤᠰᠤ ᠬᠡᠷᠡᠭᠯᠡᠭᠰᠡᠨ ᠶᠡᠷᠦᠩᠬᠡᠢ ᠬᠡᠮᠵᠢᠶ᠎ᠡ ᠨᠢ 189.93 ᠳ᠋ᠦᠩᠰᠢᠭᠤᠷ ᠺᠦᠪ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.4%᠎ ᠪᠠᠷ ᠪᠠᠭᠤᠷᠠᠪᠠ᠃ ᠡᠭᠦᠨ ᠳᠤ᠂ ᠲᠠᠷᠢᠶᠠᠯᠠᠩ ᠳᠤ ᠬᠡᠷᠡᠭᠯᠡᠭᠰᠡᠨ ᠤᠰᠤᠨ ᠤ ᠬᠡᠮᠵᠢᠶ᠎ᠡ ᠨᠢ 138.46 ᠳ᠋ᠦᠩᠰᠢᠭᠤᠷ ᠺᠦᠪ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.1%᠎ ᠪᠠᠷ ᠪᠠᠭᠤᠷᠠᠪᠠ︔ ᠠᠵᠤ ᠦᠢᠯᠡᠳᠪᠦᠷᠢ ᠳᠤ ᠬᠡᠷᠡᠭᠯᠡᠭᠰᠡᠨ ᠤᠰᠤᠨ ᠤ ᠬᠡᠮᠵᠢᠶ᠎ᠡ ᠨᠢ 16.74 ᠳ᠋ᠦᠩᠰᠢᠭᠤᠷ ᠺᠦᠪ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.2%᠎ ᠢᠶᠠᠷ ᠨᠡᠮᠡᠭᠳᠡᠪᠡ᠃ ᠠᠮᠢᠳᠤᠷᠠᠯ ᠳᠤ ᠬᠡᠷᠡᠭᠯᠡᠭᠰᠡᠨ ᠤᠰᠤᠨ ᠤ ᠬᠡᠮᠵᠢᠶ᠎ᠡ ᠨᠢ 11.28 ᠳ᠋ᠦᠩᠰᠢᠭᠤᠷ ᠺᠦᠪ ᠮᠧᠲᠷ ᠪᠠᠶᠢᠵᠤ᠂ ᠳᠡᠭᠡᠷ᠎ᠡ ᠵᠢᠯ ᠤᠨ ᠬᠢ ᠲᠠᠢ ᠦᠨᠳᠦᠰᠦᠨ ᠳᠤ ᠪᠠᠨ ᠠᠳᠠᠯᠢ︔ ᠠᠮᠢ ᠠᠬᠤᠢ ᠣᠷᠴᠢᠨ ᠲᠣᠭᠤᠷᠢᠨ ᠤ ᠨᠥᠬᠦᠪᠦᠷᠢᠯᠡᠭᠰᠡᠨ ᠤᠰᠤᠨ ᠤ ᠬᠡᠮᠵᠢᠶ᠎ᠡ ᠨᠢ 23.45 ᠳ᠋ᠦᠩᠰᠢᠭᠤᠷ ᠺᠦᠪ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.7%᠎ ᠪᠠᠷ ᠨᠡᠮᠡᠭᠳᠡᠪᠡ᠃ ᠤᠰᠤᠨ ᠰᠤᠷᠪᠤᠯᠵᠢ ᠶᠢ ᠠᠰᠢᠭᠯᠠᠭᠰᠠᠨ ᠪᠦᠷᠢᠳᠬᠡᠯ ᠢ ᠦᠨᠳᠦᠰᠦᠯᠡᠪᠡᠯ᠂ ᠭᠠᠵᠠᠷ ᠳᠡᠭᠡᠷᠡᠬᠢ ᠤᠰᠤᠨ ᠰᠤᠷᠪᠤᠯᠵᠢ ᠶᠢ ᠬᠡᠷᠡᠭᠯᠡᠭᠰᠡᠨ ᠬᠡᠮᠵᠢᠶ᠎ᠡ ᠨᠢ 85.08 ᠳ᠋ᠦᠩᠰᠢᠭᠤᠷ ᠺᠦᠪ ᠮᠧᠲᠷ ᠪᠠᠶᠢᠵᠤ᠂ ᠭᠠᠵᠠᠷ ᠳᠣᠣᠷᠠᠬᠢ ᠤᠰᠤᠨ ᠰᠤᠷᠪᠤᠯᠵᠢ ᠶᠢ ᠬᠡᠷᠡᠭᠯᠡᠭᠰᠡᠨ ᠬᠡᠮᠵᠢᠶ᠎ᠡ ᠨᠢ 95.92 ᠳ᠋ᠦᠩᠰᠢᠭᠤᠷ ᠺᠦᠪ ᠮᠧᠲᠷ ᠪᠠᠶᠢᠵᠤ᠂ ᠪᠤᠰᠤᠳ ᠤᠰᠤᠨ ᠰᠤᠷᠪᠤᠯᠵᠢ ᠶᠢ ᠬᠡᠷᠡᠭᠯᠡᠭᠰᠡᠨ ᠬᠡᠮᠵᠢᠶ᠎ᠡ ᠨᠢ 8.93 ᠳ᠋ᠦᠩᠰᠢᠭᠤᠷ ᠺᠦᠪ ᠮᠧᠲᠷ ᠪᠠᠶᠢᠵᠤ᠂ ᠡᠭᠦᠨ ᠳᠤ ᠭᠠᠵᠠᠷ ᠳᠣᠣᠷᠠᠬᠢ ᠤᠰᠤᠨ ᠰᠤᠷᠪᠤᠯᠵᠢ ᠶᠢ ᠬᠡᠷᠡᠭᠯᠡᠭᠰᠡᠨ ᠬᠡᠮᠵᠢᠶ᠎ᠡ ᠨᠢ ᠳᠡᠭᠡᠷ᠎ᠡ ᠵᠢᠯ ᠤᠨ ᠬᠢ ᠠᠴᠠ 12.25 ᠳ᠋ᠦᠩᠰᠢᠭᠤᠷ ᠺᠦᠪ ᠮᠧᠲᠷ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 11.3%᠎ ᠪᠠᠷ ᠪᠠᠭᠤᠷᠠᠪᠠ᠃ ︵ᠤᠰᠤᠨ ᠠᠰᠢᠭᠯᠠᠯᠲᠠ ᠶᠢᠨ ᠲᠢᠩᠬᠢᠮ︶   
ᠢᠷᠡᠯᠲᠡ᠄ ︽ᠡᠳᠦᠷ ᠪᠦᠷᠢ ᠶᠢᠨ ᠴᠢᠬᠤᠯᠠ ᠮᠡᠳᠡᠭᠡ︾ ᠰᠡᠳᠬᠦᠯ