ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ︽ᠤᠯᠤᠰ ᠤᠨ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠤᠨ ᠨᠡᠷᠡᠰ ᠤᠨ ᠪᠦᠷᠢᠳᠬᠡᠯ ︵2024 ᠣᠨ ᠤ ᠬᠡᠪᠯᠡᠯ︶︾ ᠢ ᠨᠡᠶᠢᠲᠡᠯᠡᠵᠦ᠂ ᠥᠪᠥᠷ ᠮᠣᠩᠭᠤᠯ ᠠᠴᠠ | ᠨᠡᠶᠢᠲᠡ 46 ᠡᠭᠦᠯᠳᠡᠷ ᠰᠣᠩᠭᠤᠭᠳᠠᠭᠰᠠᠨ ᠪᠠᠶᠢᠨ᠎ᠠ᠃ ᠡᠭᠦᠨ ᠳᠤ᠂ ᠮᠣᠩᠭᠤᠯ ᠦᠬᠡᠷ᠂ ᠠᠯᠠᠱᠠ ᠶᠢᠨ ᠬᠤᠣᠰ ᠪᠥᠬᠦᠲᠦ ᠲᠡᠮᠡᠭᠡ ᠵᠡᠷᠭᠡ ᠣᠷᠣᠨ ᠨᠤᠲᠤᠭ ᠤᠨ 21 | ᠤᠳᠤᠮᠯᠠᠯ ᠤᠨ ᠡᠬᠢ ᠪᠠᠶᠠᠯᠢᠭ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠤᠯᠠᠭᠠᠨ ᠦᠬᠡᠷ᠂ ᠰᠠᠨ ᠾᠧ ᠦᠬᠡᠷ ᠵᠡᠷᠭᠡ ᠪᠣᠶᠢᠵᠢᠭᠤᠯᠤᠭᠰᠠᠨ 24 ᠡᠭᠦᠯᠳᠡᠷ ᠪᠠ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠲᠠᠯ᠎ᠠ | ᠨᠤᠲᠤᠭ ᠤᠨ ᠴᠠᠭᠠᠨ ᠥᠳᠥᠲᠦ ᠠᠯᠠᠰᠢᠨ ᠨᠤᠭᠤᠰᠤ ᠭᠡᠬᠦ ᠢᠵᠢ ᠪᠦᠷᠢᠳᠦᠭᠰᠡᠨ 1 ᠤᠳᠤᠮᠯᠠᠯ ᠨᠢ ᠲᠤᠰ ᠨᠡᠷᠡᠰ ᠤᠨ ᠵᠢᠭᠰᠠᠭᠠᠯᠲᠠ ᠳᠤ ᠰᠣᠩᠭᠤᠭᠳᠠᠵᠠᠢ᠃ | ᠥᠪᠥᠷ ᠮᠣᠩᠭᠤᠯ ᠤᠨ ᠮᠠᠯ ᠵᠢᠭᠦᠷᠲᠡᠨ ᠤ ᠡᠬᠢ ᠪᠠᠶᠠᠯᠢᠭ ᠡᠯᠪᠡᠭ᠂ ᠵᠣᠬᠢᠴᠠᠬᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠡᠲᠡᠭᠡᠷ ᠡᠭᠦᠯᠳᠡᠷ ᠪᠠ ᠤᠳᠤᠮᠯᠠᠯ ᠤᠨ | ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠪᠠ ᠠᠰᠢᠭᠯᠠᠬᠤ ᠨᠢ ᠮᠠᠯ ᠠᠵᠤ ᠠᠬᠤᠢ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ | 2021 ᠣᠨ ᠠᠴᠠ ᠨᠠᠭᠠᠰᠢ᠂ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ | ᠥᠷᠨᠢᠭᠦᠯᠦᠭᠰᠡᠨ ᠰᠠᠭᠤᠷᠢᠨ ᠳᠡᠭᠡᠷ᠎ᠡ ᠣᠷᠣᠨ ᠨᠤᠲᠤᠭ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠭᠦᠨ ᠠᠭᠤᠳᠠᠯᠵᠤ᠂ ᠥᠪᠡᠷᠮᠢᠴᠡ ᠣᠨᠴᠠᠯᠢᠭ ᠲᠠᠢ᠂ | ᠬᠤᠪᠣᠷ ᠴᠤᠬᠠᠭ᠂ ᠣᠷᠣᠨ ᠨᠤᠲᠤᠭ ᠤᠨ ᠤᠰᠠᠳᠬᠤ ᠰᠢᠬᠠᠭᠰᠠᠨ ᠤᠳᠤᠮᠯᠠᠯ ᠤᠨ ᠡᠬᠢ ᠪᠠᠶᠠᠯᠢᠭ ᠲᠤ ᠠᠮᠢᠳᠤ ᠴᠣᠭᠴᠠ ᠶᠢᠨ ᠬᠠᠮᠠᠭᠠᠯᠠᠯᠲᠠ ᠬᠢᠵᠦ᠂ ᠤᠳᠤᠮᠯᠠᠯ ᠤᠨ | ᠮᠠᠲ᠋ᠧᠷᠢᠶᠠᠯ ᠢ ᠴᠤᠭᠯᠠᠭᠤᠯᠵᠤ ᠦᠢᠯᠡᠳᠬᠦ ᠪᠠ ᠭᠧᠨ ᠢ ᠠᠭᠤᠳᠠᠯᠵᠤ ᠬᠢᠨᠠᠨ ᠲᠣᠭᠲᠠᠭᠠᠬᠤ ᠠᠵᠢᠯ ᠢ ᠶᠡᠭᠡ ᠪᠠᠷ ᠥᠷᠨᠢᠭᠦᠯᠵᠦ᠂ ︽ᠬᠠᠮᠠᠭᠠᠯᠠᠯᠲᠠ︾ ᠶᠢᠨ | ᠪᠦᠷᠬᠦᠴᠡ ᠶᠢ ᠲᠠᠰᠤᠷᠠᠯᠲᠠ ᠦᠭᠡᠢ ᠥᠷᠭᠡᠳᠬᠡᠪᠡ᠃ | ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠤᠨ ᠨᠡᠷᠡᠰ ᠤᠨ ᠪᠦᠷᠢᠳᠬᠡᠯ ︵2021 ᠣᠨ ᠤ ᠬᠡᠪᠯᠡᠯ︶︾ ᠲᠠᠢ | ᠬᠠᠷᠢᠴᠠᠭᠤᠯᠪᠠᠯ᠂ ᠲᠣᠰ ᠤᠳᠠᠭ᠎ᠠ ᠥᠪᠥᠷ ᠮᠣᠩᠭᠤᠯ ᠠᠴᠠ ᠵᠠᠰᠠᠭᠲᠤ ᠬᠤᠨᠢ ᠭᠡᠬᠦ ᠣᠷᠣᠨ ᠨᠤᠲᠤᠭ ᠤᠨ 1 ᠤᠳᠤᠮᠯᠠᠯ ᠤᠨ ᠡᠬᠢ ᠪᠠᠶᠠᠯᠢᠭ ᠪᠠ ᠬᠤᠸᠠ ᠰᠢ ᠦᠬᠡᠷ᠂ | ᠳ᠋ᠦ᠋ ᠮᠧᠩ ᠬᠤᠨᠢ᠂ ᠬᠤᠸᠠ ᠮᠧᠩ ᠠᠯᠠᠰᠢᠨ ᠬᠤᠨᠢ ᠵᠡᠷᠭᠡ ᠪᠣᠶᠢᠵᠢᠭᠤᠯᠤᠭᠰᠠᠨ 3 ᠡᠭᠦᠯᠳᠡᠷ ᠰᠢᠨ᠎ᠡ ᠪᠠᠷ ᠨᠡᠮᠡᠭᠳᠡᠭᠰᠡᠨ ᠪᠠᠶᠢᠨ᠎ᠠ᠃ ᠡᠨᠡ ᠨᠢ ᠥᠪᠥᠷ ᠮᠣᠩᠭᠤᠯ ᠤᠨ | ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ︿ᠴᠢᠫ﹀ ᠢ ᠪᠣᠶ ᠪᠣᠯᠭᠠᠵᠤ᠂ ᠣᠲᠣ ᠦᠶ᠎ᠡ ᠶᠢᠨ ᠮᠠᠯ ᠠᠵᠤ ᠠᠬᠤᠢ ᠶᠢᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠳᠤ ᠴᠢᠬᠤᠯᠠ ᠰᠠᠭᠤᠷᠢ ᠶᠢ ᠲᠠᠯᠪᠢᠵᠤ ᠥᠭᠭᠦᠭᠰᠡᠨ ᠶᠤᠮ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠸᠠᠩ ᠭᠠᠩ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠡᠭᠦᠯᠳᠡᠷ ᠤᠨ | ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠵᠦ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠠᠵᠤ ᠦᠢᠯᠡᠰ ᠤᠨ ᠬᠥᠭᠵᠢᠯᠲᠡ ᠯᠦᠭᠡ | ᠣᠷᠭᠠᠨᠢᠭ ᠢᠶᠠᠷ ᠵᠣᠯᠭᠠᠭᠤᠯᠬᠤ ᠪᠠᠨ ᠠᠬᠢᠭᠤᠯᠵᠤ᠂ ᠭᠤᠣᠯ ᠪᠣᠯᠬᠤ ᠮᠠᠯ ᠵᠢᠭᠦᠷᠲᠡᠨ ᠤ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠡᠵᠡᠮᠳᠡᠵᠦ ᠳᠡᠶᠢᠯᠬᠦ ᠶᠢ | ᠦᠨᠡᠨ ᠬᠦ ᠪᠠᠲᠤᠯᠠᠨ᠎ᠠ᠃ | |