ᠮᠠᠨ ᠤ ᠣᠷᠣᠨ ᠲᠠᠪᠤᠨ ᠵᠢᠯ ᠳᠠᠷᠠᠭᠠᠯᠠᠨ ᠤᠯᠤᠰ ᠤᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠴᠢᠨᠠᠷᠲᠠᠶ ᠲᠠᠷᠢᠶᠠᠯᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2025/2/24
     2020-2024 ᠣᠨ ᠳᠤ᠂ ᠮᠠᠨ ᠤ ᠣᠷᠣᠨ 5 ᠵᠢᠯ ᠳᠠᠷᠠᠭᠠᠯᠠᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠴᠢᠨᠠᠷᠲᠠᠶ ᠲᠠᠷᠢᠶᠠᠯᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠪᠥᠬᠦ ᠣᠷᠣᠨ ᠤ ᠬᠠᠷ᠎ᠠ ᠬᠥᠷᠥᠰᠥᠲᠦ ᠲᠠᠷᠢᠶᠠᠯᠠᠵᠤ ᠪᠣᠯᠬᠤ ᠲᠠᠯᠠᠪᠠᠶ ᠶᠢ 8180 ᠲᠦᠮᠡᠨ ᠮᠥ ᠳᠤ ᠬᠦᠷᠭᠡᠪᠡ᠃ ᠡᠭᠦᠨ ᠳᠤ᠂ 2024 ᠣᠨ ᠳᠤ 2890.93 ᠲᠦᠮᠡᠨ ᠮᠥ ᠶᠢ ᠪᠡᠶᠡᠯᠡᠭᠦᠯᠵᠦ᠂ ᠤᠯᠤᠰ ᠠᠴᠠ ᠪᠠᠭᠤᠯᠭᠠᠭᠰᠠᠨ 2160 ᠲᠦᠮᠡᠨ ᠮᠥ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠬᠢᠨᠠᠨ ᠰᠢᠨᠵᠢᠭᠰᠡᠨ ᠦᠷ᠎ᠡ ᠳ᠋ᠦᠩ ᠢ ᠦᠨᠳᠦᠰᠦᠯᠡᠪᠡᠯ᠂ ᠬᠠᠮᠠᠭᠠᠯᠠᠬᠤ ᠴᠢᠨᠠᠷᠲᠠᠶ ᠲᠠᠷᠢᠶᠠᠯᠠᠬᠤ ᠮᠡᠷᠭᠡᠵᠢᠯ ᠢ ᠬᠡᠷᠡᠭᠵᠢᠭᠦᠯᠦᠭᠰᠡᠨ ᠠᠴᠠ ᠡᠰᠢ ᠰᠦᠷᠡᠯ ᠢ ᠰᠢᠲᠠᠭᠠᠬᠤ ᠶᠢ ᠪᠦᠲᠦᠮᠵᠢᠲᠡᠶ ᠪᠠᠭᠠᠰᠬᠠᠵᠤ᠂ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ ᠤᠰᠤᠨ ᠳᠤ ᠢᠳᠡᠭᠳᠡᠬᠦ ᠶᠢ ᠬᠥᠩᠭᠡᠯᠡᠵᠦ᠂ ᠲᠣᠭᠤᠰᠣ ᠡᠯᠡᠰᠦ ᠳᠡᠭᠳᠡᠬᠦ ᠶᠢ 80% ᠠᠴᠠ ᠢᠯᠡᠭᠦᠦ ᠪᠠᠷ ᠪᠠᠭᠤᠷᠠᠭᠤᠯᠵᠤ᠂ ᠬᠥᠷᠥᠰᠥ ᠰᠢᠷᠣᠶ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠨᠠᠭᠠᠳᠤ ᠵᠠᠬ᠎ᠠ ᠳᠤ ᠪᠠᠨ 0.2-0.4 ᠵᠠᠭᠤᠨ ᠤ ᠬᠤᠪᠢ ᠨᠡᠮᠡᠭᠳᠡᠭᠦᠯᠵᠦ᠂ ᠬᠥᠷᠥᠰᠥ ᠰᠢᠷᠣᠶ ᠶᠢᠨ ᠤᠰᠤ ᠬᠠᠳᠠᠭᠠᠯᠠᠬᠤ ᠴᠢᠭᠢᠭᠳᠡᠴᠡ ᠶᠢ ᠬᠠᠮᠠᠭᠠᠯᠠᠬᠤ ᠴᠢᠳᠠᠪᠤᠷᠢ ᠢᠶᠠᠷ ᠥᠨᠳᠥᠷ᠂ ᠨᠢᠯᠬ᠎ᠠ ᠴᠢᠬᠢ ᠤᠷᠭᠤᠭᠤᠯᠬᠤ ᠪᠠ ᠨᠢᠯᠬ᠎ᠠ ᠴᠢᠬᠢ ᠶᠢ ᠬᠠᠮᠠᠭᠠᠯᠠᠬᠤ ᠨᠣᠷᠮ᠎ᠠ ᠢᠶᠠᠷ ᠥᠨᠳᠥᠷ ᠪᠠᠶᠢᠵᠤ᠂ ᠮᠦ ᠪᠦᠷᠢ ᠳᠤ 16-90 ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠪᠠ ᠃ ᠡᠭᠦᠨ ᠤ ᠵᠡᠷᠭᠡ ᠪᠠᠷ ᠮᠦ ᠪᠦᠷᠢ ᠳᠤ 1000-1200 ᠰᠠᠭᠤᠷᠢ ᠨᠡᠮᠡᠭᠳᠡᠵᠦ ᠲᠠᠷᠢᠭᠰᠠᠨ ᠠᠴᠠ ᠤᠨᠠᠯᠳᠠ ᠨᠢ 17%-20% ᠠᠴᠠ ᠳᠡᠭᠡᠭᠰᠢ ᠪᠠᠷ ᠨᠡᠮᠡᠭᠳᠡᠭᠰᠡᠨ ᠪᠠᠶᠢᠨ᠎ᠠ᠃ ︵ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ