ᠡᠷᠢᠶᠡᠨ ᠬᠤᠲᠠ ︽ᠭᠤᠷᠪᠠᠨ ᠵᠦᠢᠯ ᠤᠨ ᠦᠢᠯᠡᠴᠢᠯᠡᠭᠡ︾ ᠥᠷᠨᠢᠭᠦᠯᠵᠦ ᠬᠢᠯᠢ ᠶᠢᠨ ᠠᠷᠠᠳ ᠤᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠬᠦᠴᠦᠨ ᠨᠡᠮᠡᠷᠢᠯᠡᠨ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ ᠶᠢ ᠶᠡᠭᠡ ᠪᠠᠷ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/2/24
     ᠨᠢᠭᠡ ᠳᠤ᠂ ︽ᠨᠠᠶᠢᠳᠠᠵᠤ ᠭᠤᠶᠤᠴᠢᠯᠠᠨ ᠮᠡᠳᠡᠭᠦᠯᠬᠦ︾ ᠦᠢᠯᠡᠴᠢᠯᠡᠭᠡ ᠶᠢ ᠬᠡᠷᠡᠭᠵᠢᠭᠦᠯᠪᠡ᠃ ᠬᠢᠯᠢ ᠶᠢᠨ ᠠᠷᠠᠳ ᠤᠳ ᠬᠢᠯᠢ ᠶᠢᠨ ᠠᠷᠠᠳ ᠤᠨ ᠬᠤᠷᠰᠢᠶ᠎ᠠ ︵ᠬᠠᠪᠰᠤᠷᠤᠯᠴᠠᠬᠤ ᠳᠤᠭᠤᠶᠢᠯᠠᠩ︶ ᠳᠤ ᠨᠠᠶᠢᠳᠠᠵᠤ ᠪᠠᠶᠢᠭᠠᠳ ᠬᠢᠯᠢ ᠶᠢᠨ ᠠᠷᠠᠳ ᠤᠳ ᠤᠨ ᠵᠠᠬ᠎ᠠ ᠶᠢᠨ ᠠᠷᠠᠯᠵᠢᠶᠠᠨ ᠤ ᠬᠡᠯᠪᠡᠷᠢ ᠪᠠᠷ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠳ ᠢ ᠲᠥᠪᠯᠡᠷᠡᠭᠦᠯᠵᠦ ᠭᠤᠶᠤᠴᠢᠯᠠᠨ ᠮᠡᠳᠡᠭᠦᠯᠬᠦ ᠶᠢ ᠨᠢ ᠵᠥᠪᠰᠢᠶᠡᠷᠡᠭᠰᠡᠨ ᠠᠴᠠ ᠭᠠᠷᠳᠠᠮ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠤᠶᠠᠷ ᠲᠤ᠂ ︽ᠲᠤᠬᠠᠢ ᠶᠢᠨ ᠲᠠᠯᠠᠪᠤᠷ ᠲᠤ ᠨᠢ ᠬᠦᠷᠴᠦ ᠪᠠᠶᠢᠴᠠᠭᠠᠨ ᠰᠢᠯᠭᠠᠭᠤᠯᠬᠤ ᠠᠴᠠ ᠬᠡᠯᠲᠦᠷᠢᠭᠦᠯᠬᠦ︾ ᠦᠢᠯᠡᠴᠢᠯᠡᠭᠡ ᠶᠢ ᠬᠡᠷᠡᠭᠵᠢᠭᠦᠯᠪᠡ᠃ ᠬᠤᠷᠰᠢᠶ᠎ᠠ ︵ᠬᠠᠪᠰᠤᠷᠤᠯᠴᠠᠬᠤ ᠳᠤᠭᠤᠶᠢᠯᠠᠩ︶ ᠶᠢᠨ ᠠᠵᠢᠯᠲᠠᠨ ᠨᠢ ᠬᠢᠯᠢ ᠶᠢᠨ ᠠᠷᠠᠳ ᠢ ᠲᠥᠯᠥᠭᠡᠯᠡᠨ ᠪᠣᠭᠤᠮᠲᠠ ᠶᠢᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠲᠤ ᠬᠦᠷᠴᠦ ᠪᠠᠷᠠᠭᠠᠨ ᠤ ᠪᠠᠶᠢᠴᠠᠭᠠᠯᠲᠠ ᠳᠤ ᠬᠠᠮᠵᠢᠯᠴᠠᠬᠤ ᠶᠢ ᠵᠥᠪᠰᠢᠶᠡᠷᠡᠭᠰᠡᠨ ᠠᠴᠠ ᠬᠢᠯᠢ ᠶᠢᠨ ᠠᠷᠠᠳ ᠤᠨ ᠬᠠᠮᠵᠢᠯᠴᠠᠨ ᠪᠠᠶᠢᠴᠠᠭᠠᠯᠭᠠᠬᠤ ᠴᠠᠭ ᠢ ᠨᠢ ᠠᠷᠪᠢᠯᠠᠵᠤ ᠥᠭᠴᠡᠢ᠃ ᠭᠤᠷᠪᠠ ᠳᠤ᠂ ︽ᠰᠢᠭᠤᠳ ᠨᠡᠪᠲᠡᠷᠡᠬᠦ ᠲᠡᠭᠡᠭᠡᠪᠦᠷᠢ︾ ᠶᠢᠨ ᠦᠢᠯᠡᠴᠢᠯᠡᠭᠡ ᠶᠢ ᠬᠡᠷᠡᠭᠵᠢᠭᠦᠯᠪᠡ᠃ ᠭᠠᠳᠠᠭᠠᠳᠤ ᠶᠢᠨ ᠬᠠᠷᠢᠶᠠᠲᠤ ᠶᠢᠨ ᠪᠠᠷᠠᠭᠠᠨ ᠤ ᠲᠡᠷᠭᠡ ᠶᠢᠨ ᠬᠢᠯᠢ ᠪᠠᠷ ᠣᠷᠣᠵᠤ ᠲᠡᠭᠡᠭᠡᠪᠦᠷᠢᠯᠡᠬᠦ ᠴᠤᠪᠤᠷᠠᠯ ᠢ ᠨᠢ ᠳᠥᠭᠦᠮᠴᠢᠯᠡᠨ᠂ ᠭᠠᠳᠠᠭᠠᠳᠤ ᠶᠢᠨ ᠬᠠᠷᠢᠶᠠᠲᠤ ᠶᠢᠨ ᠪᠠᠷᠠᠭ᠎ᠠ ᠠᠴᠢᠭᠰᠠᠨ ᠲᠡᠷᠭᠡ ᠨᠢ ᠡᠷᠬᠡᠪᠰᠢ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠳᠣᠲᠣᠷ᠎ᠠ ᠪᠠᠷᠠᠭ᠎ᠠ ᠪᠠᠨ ᠪᠢᠲᠡᠭᠦᠮᠵᠢᠯᠡᠨ ᠰᠠᠪᠠᠯᠠᠬᠤ ᠴᠢᠷᠭᠡᠦᠯᠬᠦ ᠭᠤᠭᠴᠤᠭ᠎ᠠ ᠶᠢ ᠨᠢ ᠪᠠᠭᠠᠰᠬᠠᠵᠤ᠂ ᠲᠡᠭᠡᠭᠡᠪᠦᠷᠢᠯᠡᠭᠰᠡᠨ ᠪᠠᠷᠠᠭ᠎ᠠ ᠶᠢ ᠬᠤᠲᠠ ᠶᠢᠨ ᠳᠣᠲᠣᠷᠠᠬᠢ ᠡᠳ᠋ᠰᠢᠭᠦᠯᠬᠦ ᠠᠵᠤ ᠠᠬᠤᠶᠢᠯᠠᠯ ᠤᠨ ᠬᠥᠮᠥᠷᠭᠡ ᠳᠤ ᠰᠢᠭᠤᠳ ᠬᠦᠷᠭᠡᠬᠦ ᠶᠢ ᠨᠢ ᠵᠥᠪᠰᠢᠶᠡᠷᠡᠭᠰᠡᠨ ᠠᠴᠠ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃ 2024 ᠣᠨ ᠳᠤ᠂ ᠡᠷᠢᠶᠡᠨ ᠬᠤᠳᠠ ᠶᠢᠨ ᠬᠢᠯᠢ ᠶᠢᠨ ᠪᠣᠭᠤᠮᠲᠠ ᠬᠢᠯᠢ ᠶᠢᠨ ᠠᠷᠠᠳ ᠤᠳ ᠤᠨ ᠵᠠᠬ᠎ᠠ ᠶᠢᠨ ᠠᠷᠠᠯᠵᠢᠶᠠᠨ ᠤ ᠬᠡᠯᠪᠡᠷᠢ ᠪᠠᠷ 1818.42 ᠲᠣᠨ ᠠᠮᠤ ᠪᠤᠳᠠᠭ᠎ᠠ ᠣᠷᠣᠭᠤᠯᠵᠤ᠂ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 349.88% ᠪᠠᠷ ᠨᠡᠮᠡᠭᠳᠡᠵᠡᠢ᠂ ᠪᠠᠷᠠᠭᠠᠨ ᠤ ᠦᠷᠳᠡᠭ ᠨᠢ ᠪᠠᠷᠤᠭ 647.71 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 296.68% ᠪᠠᠷ ᠨᠡᠮᠡᠭᠳᠡᠪᠡ᠃ ︵ᠡᠷᠢᠶᠡᠨ ᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ