ᠲᠦᠩᠯᠢᠶᠣᠤ ᠬᠤᠲᠠ ᠰᠢᠨ᠎ᠡ ᠵᠢᠯ ᠤᠨ ᠠᠩᠬᠠᠳᠤᠭᠠᠷ ᠬᠤᠷᠠᠯ ᠬᠤᠷᠠᠯᠳᠤᠭᠤᠯᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠠᠶᠢᠴᠢᠯᠠᠨ ᠠᠬᠢᠭᠤᠯᠪᠠ
ᠨᠡᠶᠢᠲᠡᠯᠡᠭᠰᠡᠨ ᠴᠠᠭ᠄
2025/2/24
     ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ᠂ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠶᠢ ᠵᠣᠬᠢᠴᠠᠭᠤᠯᠤᠨ ᠦᠢᠯᠡᠴᠢᠯᠡᠬᠦ ᠂ ᠰᠠᠭᠤᠷᠢ ᠮᠥᠩᠭᠦ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠲᠠᠢ ᠪᠠᠷ ᠬᠤᠳᠠᠯᠳᠤᠭᠠᠴᠢᠨ ᠤᠷᠢᠬᠤ᠂ ᠪᠣᠬᠢᠷᠲᠤᠯ ᠥᠬᠡᠶ ᠡᠨᠧᠷᠭᠢ ᠬᠢᠭᠡᠳ ᠠᠵᠤ ᠦᠢᠯᠡᠰ ᠢ ᠬᠠᠮᠵᠢᠯᠴᠠᠭᠤᠯᠤᠨ ᠨᠡᠭᠡᠭᠡᠨ ᠬᠥᠭᠵᠢᠭᠦᠯᠵᠦ ᠬᠤᠳᠠᠯᠳᠤᠭᠠᠴᠢᠨ ᠤᠷᠢᠬᠤ ᠵᠡᠷᠭᠡ ᠠᠵᠢᠯ ᠤᠳ ᠢ ᠦᠨᠡᠨ ᠬᠦ ᠰᠠᠶᠢᠲᠤᠷ ᠠᠳᠬᠤᠵᠤ᠂ 2025 ᠣᠨ ᠳᠤ ᠪᠥᠬᠦ ᠬᠤᠲᠠ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ 544 ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 2607 ᠳ᠋ᠦᠩᠰᠢᠭᠤᠷ ᠲᠥᠭᠦᠷᠢᠭ ᠲᠤ ᠬᠦᠷᠴᠦ᠂ ᠣᠨ ᠳᠤ 703 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠤᠯᠤᠰ ᠤᠨ ᠳᠣᠲᠣᠭᠠᠳᠤ ᠶᠢᠨ ᠣᠷᠣᠭᠤᠯᠤᠨ ᠠᠪᠴᠢᠷᠠᠬᠤ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 430 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ︽ᠲᠥᠪᠯᠡᠷᠡᠭᠦᠯᠦᠨ ᠬᠢᠨᠠᠨ ᠵᠥᠪᠰᠢᠶᠡᠷᠡᠬᠦ︾ ︽ᠬᠤᠯᠪᠣᠯᠳᠤᠭᠤᠯᠤᠨ ᠬᠢᠨᠠᠨ ᠵᠥᠪᠰᠢᠶᠡᠷᠡᠬᠦ︾ ᠵᠡᠷᠭᠡ ᠬᠡᠪ ᠵᠠᠭᠪᠤᠷ ᠢ ᠬᠡᠷᠡᠭᠵᠢᠭᠦᠯᠵᠦ᠂ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠵᠠᠩᠭᠢᠯᠠᠭ᠎ᠠ ᠶᠢᠨ ᠴᠢᠨᠠᠷᠲᠠᠶ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠶᠢ ᠠᠬᠢᠭᠤᠯᠤᠨ᠎ᠠ᠃ ᠣᠳᠣᠬᠠᠨ ᠪᠣᠯᠲᠠᠯ᠎ᠠ᠂ ᠡᠮᠦᠨᠡᠬᠢ ᠬᠤᠭᠤᠴᠠᠭᠠᠨ ᠤ ᠠᠷᠪᠠᠨ ᠵᠦᠢᠯ ᠤᠨ ᠭᠠᠷᠳᠠᠮ ᠢ ᠴᠥᠮ ᠬᠦᠢᠴᠡᠳᠬᠡᠵᠦ ᠳᠠᠭᠤᠰᠬᠠᠭᠰᠠᠨ ᠲᠥᠷᠥᠯ ᠵᠦᠢᠯ ᠨᠡᠶᠢᠲᠡ 371 ᠪᠠᠶᠢᠵᠤ᠂ ᠲᠥᠷᠥᠯ ᠵᠦᠢᠯ ᠢ ᠬᠦᠢᠴᠡᠳᠬᠡᠵᠦ ᠳᠠᠭᠤᠰᠬᠠᠭᠰᠠᠨ ᠨᠣᠷᠮ᠎ᠠ ᠨᠢ 68.2%︔ ᠭᠦᠢᠴᠡᠳᠬᠡᠬᠦ ᠶᠣᠰᠣᠲᠠᠢ ᠭᠠᠷᠳᠠᠮ 2222 ᠪᠠᠶᠢᠵᠤ᠂ ᠣᠳᠣᠬᠠᠨ ᠳᠤ 1844 ᠶᠢ ᠬᠦᠢᠴᠡᠳᠬᠡᠵᠦ ᠳᠠᠭᠤᠰᠬᠠᠭᠠᠳ᠂ ᠭᠠᠷᠳᠠᠮ ᠬᠦᠢᠴᠡᠳᠬᠡᠵᠦ ᠳᠠᠭᠤᠰᠬᠠᠭᠰᠠᠨ ᠨᠣᠷᠮ᠎ᠠ 83% ᠪᠣᠯᠪᠠ᠃ ᠵᠢᠯ ᠤᠨ ᠳᠣᠲᠣᠷ᠎ᠠ ᠭᠤᠤᠯᠳᠠᠯᠭ᠎ᠠ ᠪᠦᠬᠦᠢ ᠠᠵᠤ ᠦᠢᠯᠡᠳᠪᠦᠷᠢ ᠶᠢᠨ 200 ᠲᠥᠷᠥᠯ ᠵᠦᠢᠯ ᠢ ᠴᠥᠮ ᠠᠵᠢᠯ ᠡᠬᠢᠯᠡᠭᠦᠯᠦᠨ ᠰᠡᠷᠭᠦᠭᠡᠬᠦ ᠶᠢ ᠪᠠᠲᠤᠯᠠᠨ᠎ᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ