ᠪᠥᠬᠦ ᠰᠦᠯᠵᠢᠶᠡᠨ ᠳᠠᠬᠢ ᠮᠡᠳᠡᠭᠡ ᠵᠠᠩᠭᠢ ᠶᠢᠨ ᠬᠡᠮᠵᠢᠶ᠎ᠡ 46703 ᠵᠤᠷᠪᠤᠰ ᠪᠠᠶᠢᠵᠤ᠂ ᠰᠣᠯᠢᠯᠴᠠᠵᠤ ᠬᠥᠳᠡᠯᠦᠯᠴᠡᠭᠰᠡᠨ ᠬᠡᠮᠵᠢᠶ᠎ᠡ 1952.36 ᠲᠦᠮᠡ᠂ | ᠳᠠᠮᠵᠢᠭᠳᠠᠨ ᠤᠩᠰᠢᠭᠰᠠᠨ ᠬᠡᠮᠵᠢᠶ᠎ᠡ 2154.32 ᠲᠦᠮᠡᠨ ᠬᠥᠮᠥᠨ ᠤᠳᠠᠭ᠎ᠠ᠂ ᠰᠣᠨᠢᠷᠬᠠᠵᠤ ᠦᠵᠡᠭᠰᠡᠨ ᠬᠡᠮᠵᠢᠶ᠎ᠡ 2458.25 ᠲᠦᠮᠡᠨ ᠬᠥᠮᠥᠨ ᠤᠳᠠᠭ᠎ᠠ ᠳᠤ | ᠬᠦᠷᠴᠡᠢ᠃ ᠣᠳᠣᠬᠠᠨ ᠪᠣᠯᠲᠠᠯ᠎ᠠ᠂ ︽ᠬᠥᠬᠡᠬᠤᠲᠠ ᠶᠢᠨ ᠴᠠᠭᠠᠨ ᠰᠠᠷ᠎ᠠ︾ ᠬᠡᠮᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠰᠢᠯᠵᠢᠭᠦᠯᠦᠨ ᠨᠡᠶᠢᠲᠡᠯᠡᠬᠦ ᠳᠤ ᠣᠷᠣᠯᠴᠠᠭᠰᠠᠨ | ᠵᠠᠭᠤᠴᠢᠯᠠᠭᠤᠷ ᠤᠳ ᠤᠨ ᠲᠠᠪᠴᠠᠩ ᠨᠡᠶᠢᠲᠡ 11790 ᠡᠷᠦᠬᠡ ᠳᠤ ᠬᠦᠷᠴᠡᠢ᠃ ᠡᠭᠦᠨ ᠳᠤ᠂ ᠰᠢᠨᠬᠤᠸᠠ ᠰᠦᠯᠵᠢᠶ᠎ᠡ᠂ ᠰᠢᠨᠬᠤᠸᠠ ᠬᠤᠷᠢᠶ᠎ᠠ᠂ ᠠᠷᠠᠳ ᠤᠨ | ᠰᠦᠯᠵᠢᠶ᠎ᠡ ᠵᠡᠷᠭᠡ ᠲᠥᠪ ᠤᠨ ᠵᠠᠭᠤᠴᠢᠯᠠᠭᠤᠷ ᠤᠳ ᠬᠠᠮᠢᠶ᠎ᠠ ᠪᠦᠬᠦᠢ ᠠᠭᠤᠯᠭ᠎ᠠ ᠶᠢ ᠨᠡᠶᠢᠲᠡ 2142 ᠵᠤᠷᠪᠤᠰ ᠨᠡᠶᠢᠲᠡᠯᠡᠭᠰᠡᠨ ᠪᠥᠭᠡᠳ CCTV13 ᠰᠣᠨᠢᠨ | ᠮᠡᠳᠡᠭᠡᠨ ᠤ ᠰᠤᠪᠠᠭ ᠤᠨ ᠮᠡᠳᠡᠭᠡᠯᠡᠯ᠂ ᠰᠢᠨᠬᠤᠸᠠ ᠬᠤᠷᠢᠶᠠᠨ ᠤ ᠡᠳᠦᠷ ᠪᠦᠷᠢ ᠶᠢᠨ ᠴᠠᠬᠢᠯᠭᠠᠨ ᠮᠡᠳᠡᠭᠡᠨ ᠤ ᠲᠦᠷᠦᠭᠦᠤ ᠨᠢᠭᠤᠷ ᠲᠤ ᠨᠡᠶᠢᠲᠡᠯᠡᠭᠳᠡᠪᠡ︔ ᠥᠪᠥᠷ | ᠮᠣᠩᠭᠤᠯ ᠤᠨ ᠡᠳᠦᠷ ᠤᠨ ᠰᠣᠨᠢᠨ᠂ ᠳᠡᠭᠦᠯᠢᠯᠲᠡ ᠬᠠᠮ ᠵᠠᠭᠤᠴᠢᠯᠠᠭᠤᠷ ᠵᠡᠷᠭᠡ ᠮᠤᠵᠢ ᠶᠢᠨ ᠳᠡᠰ ᠤᠨ ᠵᠠᠭᠤᠴᠢᠯᠠᠭᠤᠷ ᠤᠨ ᠬᠢᠨ ᠨᠡᠶᠢᠲᠡ 2697 ᠬᠤᠪᠢ ᠮᠡᠳᠡᠭᠡᠯᠡᠯ | ᠨᠡᠶᠢᠲᠡᠯᠡᠪᠡ︔ ᠰᠧᠦ ᠬᠤ᠋ ᠰᠦᠯᠵᠢᠶᠡᠨ ᠤ ᠬᠤᠲᠠ ᠶᠢᠨ ᠠᠭᠤᠯᠭ᠎ᠠ ᠪᠦᠬᠦᠢ ᠥᠪᠥᠷ ᠮᠣᠩᠭᠤᠯ᠂ ᠬᠥᠬᠡᠬᠤᠲᠠ ᠶᠢᠨ ᠠᠵᠢᠭᠯᠠᠯᠲᠠ ᠵᠡᠷᠭᠡ ᠬᠤᠳᠠᠯᠳᠤᠭᠠᠨ ᠤ | ᠵᠠᠭᠤᠴᠢᠯᠠᠭᠤᠷ ᠤᠨ ᠬᠢᠨ ᠨᠡᠶᠢᠲᠡ 1369 ᠬᠤᠪᠢ ᠮᠡᠳᠡᠭᠡᠯᠡᠯ ᠨᠡᠶᠢᠲᠡᠯᠡᠪᠡ︔ ᠴᠢᠩ ᠴᠧᠩ ᠬᠠᠮ ᠵᠠᠭᠤᠴᠢᠯᠠᠭᠤᠷ ᠵᠡᠷᠭᠡ ᠬᠤᠳᠠ ᠶᠢᠨ ᠲᠡᠰ ᠤᠨ | ᠵᠠᠭᠤᠴᠢᠯᠠᠭᠤᠷ ᠤᠨ ᠲᠠᠪᠴᠠᠩ ᠤᠨ ᠴᠠᠭᠠᠨ ᠰᠠᠷ᠎ᠠ ᠶᠢᠨ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠰᠢᠭᠤᠳ ᠨᠡᠪᠲᠡᠷᠡᠭᠦᠯᠭᠡ ᠶᠢ ᠰᠣᠨᠢᠷᠬᠠᠵᠤ | ᠦᠵᠡᠭᠰᠡᠨ ᠬᠡᠮᠵᠢᠶ᠎ᠡ 217 ᠲᠦᠮᠡᠨ ᠬᠥᠮᠥᠨ ᠤᠳᠠᠭ᠎ᠠ ᠶᠢ ᠳᠠᠪᠠᠵᠠᠢ᠃ ︵ᠬᠥᠬᠡᠬᠤᠲᠠ ᠶᠢᠨ ᠵᠠᠰᠠᠭ ᠤᠨ ᠣᠷᠳᠣᠨ︶ | |