ᠴᠢᠬᠤᠯᠠ ᠶᠡᠭᠡ ᠲᠥᠷᠥᠯ ᠵᠦᠢᠯ ᠢ ᠣᠬᠠᠭᠠᠯᠠᠨ ᠲᠥᠯᠥᠪᠯᠡᠬᠦ ᠠᠵᠢᠯᠯᠠᠭᠠᠨ ᠤ ᠲᠠᠯ᠎ᠠ ᠪᠠᠷ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠣᠬᠠᠭᠠᠯᠠᠨ ᠲᠥᠯᠥᠪᠯᠡᠬᠦ ᠵᠠᠷᠤᠳᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢ ᠨᠡᠶᠢᠳᠬᠡᠬᠦ ᠪᠠ ᠰᠢᠯᠢᠳᠡᠭᠵᠢᠭᠦᠯᠬᠦ ᠶᠢ ᠲᠦᠷᠭᠡᠳᠬᠡᠨ ᠠᠬᠢᠭᠤᠯᠤᠨ᠎ᠠ︔ ᠣᠨ ᠤ ᠭᠤᠣᠯᠳᠠᠯᠭ᠎ᠠ ᠪᠦᠬᠦᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠠᠲᠤᠯᠠᠭ᠎ᠠ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠤ ᠲᠠᠯ᠎ᠠ ᠪᠠᠷ᠂ ᠡᠯ᠎ᠡ ᠬᠦᠷᠢᠶ᠎ᠡ ᠴᠠᠷᠠᠭᠠᠨ ᠳᠠᠬᠢ ᠠᠵᠤ ᠠᠬᠤᠶᠢᠯᠠᠯ ᠳᠤ ᠰᠢᠭᠤᠳ ᠬᠦᠷᠭᠡᠬᠦ | ᠠᠰᠢᠭ ᠬᠦᠷᠲᠡᠭᠡᠬᠦ ᠳᠤ ᠨᠡᠶᠢᠴᠡᠬᠦ ᠲᠥᠷᠥᠯ ᠵᠦᠢᠯ ᠢ ᠴᠥᠮ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠳ ᠲᠤ | ᠴᠢᠭᠯᠡᠭᠦᠯᠦᠭᠰᠡᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠠᠶᠢᠭ᠎ᠠ ᠲᠤᠭ᠎ᠠ ᠬᠤᠪᠢ ᠶᠢ ᠤᠷᠢᠳᠴᠢᠯᠠᠨ ᠦᠯᠡᠳᠡᠭᠡᠬᠦ᠂ ᠦᠨ᠎ᠡ ᠬᠠᠩᠰᠢ ᠶᠢ ᠰᠠᠭᠤᠯᠭᠠᠨ | ᠠᠪᠬᠤ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ ᠲᠣᠭᠠᠴᠠᠭ᠎ᠠ ᠬᠢᠬᠦ ᠠᠵᠢᠯ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠲᠠᠯ᠎ᠠ ᠪᠠᠷ᠂ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ᠂ ᠠᠵᠢᠯ | ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠪᠡᠯᠡ ᠮᠥᠩᠭᠦ ᠶᠢ ᠨᠢᠭᠡᠳᠦᠯᠲᠡᠢ | ᠲᠥᠯᠥᠪᠯᠡᠵᠦ᠂ ᠵᠠᠬᠢᠶᠠᠯᠠᠭ᠎ᠠ ᠶᠢᠨ ᠮᠠᠶ᠋ᠢᠭᠲᠤ ᠬᠠᠨᠳᠤᠭᠤᠯᠤᠭᠰᠠᠨ ᠮᠠᠶ᠋ᠢᠭ ᠤᠨ ᠪᠣᠯᠪᠠᠰᠤᠷᠠᠯ ᠤᠳ ᠢ ᠶᠡᠭᠡ ᠬᠡᠪᠴᠢᠶ᠎ᠡ ᠪᠠᠷ ᠥᠷᠨᠢᠭᠦᠯᠬᠦ ᠶᠢ ᠳᠡᠮᠵᠢᠨ᠎ᠡ︔ ᠨᠥᠬᠦᠴᠡᠯ ᠳᠤ | ᠨᠡᠶᠢᠴᠡᠬᠦ ᠬᠤᠪᠢ ᠬᠥᠮᠥᠨ ᠪᠠ ᠵᠢᠵᠢᠭ ᠬᠡᠯᠪᠡᠷᠢ ᠶᠢᠨ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠤᠳ ᠲᠤ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠪᠣᠳᠠᠲᠠᠢ ᠵᠢᠭᠡᠯᠡᠯᠭᠡ ᠶᠢᠨ ᠬᠦᠦ ᠨᠣᠷᠮ᠎ᠠ ᠶᠢᠨ ᠬᠢᠨᠢ 50% ᠪᠠᠷ ᠡᠳ᠋ ᠤᠨ ᠵᠠᠰᠠᠭ ᠤᠨ ᠳᠠᠮ ᠬᠦᠦ ᠣᠯᠭᠤᠭᠤᠯᠤᠨᠠ︔ ᠠᠵᠢᠯ ᠠᠯᠳᠠᠯᠲᠠ ᠶᠢᠨ ᠳᠠᠭᠠᠳᠬᠠᠯ᠂ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠬᠥᠮᠥᠨ ᠬᠡᠷᠡᠭᠯᠡᠬᠦ ᠨᠢᠭᠡᠴᠢ ᠨᠦᠭᠦᠳ ᠤᠨ ᠳᠠᠷᠤᠭᠠᠰᠤ ᠶᠢ ᠨᠢ ᠬᠥᠩᠭᠡᠷᠡᠭᠦᠯᠦᠨ᠎ᠡ᠃ ᠤᠰᠤ ᠠᠷᠪᠢᠯᠠᠬᠤ ᠠᠵᠢᠯᠯᠠᠭᠠᠨ ᠤ ᠲᠠᠯ᠎ᠠ ᠪᠠᠷ᠂ | ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠨᠠᠷᠢᠯᠢᠭ ᠣᠨᠣᠴᠠᠲᠠᠢ ᠶᠢᠨ ᠨᠥᠬᠦᠪᠦᠷᠢ ᠪᠠ ᠤᠰᠤ ᠠᠷᠪᠢᠯᠠᠭᠰᠠᠨ ᠢ ᠱᠠᠩᠨᠠᠬᠤ ᠶᠢ ᠳᠡᠮᠵᠢᠵᠦ᠂ ᠲᠣᠮᠣ | ᠳᠤᠮᠳᠠ ᠬᠡᠯᠪᠡᠷᠢ ᠶᠢᠨ ᠤᠰᠤᠯᠠᠯᠲᠠ ᠶᠢᠨ ᠲᠣᠭᠤᠷᠢᠭ ᠤᠨ ᠤᠰᠤ ᠠᠷᠪᠢᠯᠠᠬᠤ ᠥᠭᠡᠷᠡᠴᠢᠯᠡᠯᠲᠡ ᠶᠢ ᠳᠡᠮᠵᠢᠨ᠎ᠡ︔ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ | ᠪᠦᠬᠦᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠢ ᠪᠠᠳᠠᠷᠠᠭᠤᠯᠵᠤ᠂ ᠠᠵᠤ | ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠢ ᠥᠭᠡᠷᠡᠴᠢᠯᠡᠨ ᠰᠢᠨᠡᠳᠬᠡᠬᠦ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ | ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠡᠭᠦᠳᠦᠨ ᠪᠠᠶᠢᠭᠤᠯᠬᠤ ᠲᠠᠯ᠎ᠠ ᠪᠠᠷ ᠳᠡᠮᠵᠢᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠠᠵᠢᠯᠯᠠᠭᠠᠨ ᠤ ᠲᠠᠯ᠎ᠠ ᠪᠠᠷ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢᠨ ᠪᠡᠯᠡ ᠮᠥᠩᠭᠦ᠂ ᠭᠤᠣᠯᠳᠠᠯᠭ᠎ᠠ ᠪᠦᠬᠦᠢ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠤᠨ ᠲᠤᠰᠬᠠᠢ ᠨᠥᠬᠦᠪᠦᠷᠢ ᠶᠢᠨ ᠪᠡᠯᠡ ᠮᠥᠩᠭᠦ ᠲᠣᠬᠢᠷᠠᠭᠤᠯᠵᠤ᠂ ᠶᠡᠷᠦᠩᠬᠡᠶᠢᠯᠡᠭᠰᠡᠨ ᠬᠦᠢᠰᠦ ᠪᠣᠯᠬᠤ ᠬᠢᠯᠢ ᠶᠢᠨ | ᠪᠣᠭᠤᠮᠲᠠ᠂ ᠭᠤᠣᠯᠳᠠᠯᠭ᠎ᠠ ᠪᠦᠬᠦᠢ ᠲᠤᠰᠬᠠᠢ ᠮᠡᠷᠭᠡᠵᠢᠯ ᠤᠨ ᠬᠢᠯᠢ ᠶᠢᠨ ᠪᠣᠭᠤᠮᠲᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ︔ ᠬᠠᠭᠤᠷᠠᠢ ᠵᠠᠮ ᠳᠠᠬᠢ ᠡᠬᠢᠯᠡᠵᠦ ᠲᠡᠭᠡᠭᠡᠪᠦᠷᠢᠯᠡᠬᠦ ᠭᠠᠷᠠᠮ ᠤᠨ | ᠭᠠᠶᠢᠯᠢ ᠶᠢ ᠪᠤᠴᠠᠭᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠠᠶᠢᠯᠢ ᠶᠢ ᠪᠤᠴᠠᠭᠠᠬᠤ ᠦᠷ᠎ᠡ ᠪᠦᠲᠦᠮᠵᠢ ᠪᠠ ᠪᠡᠯᠡ | ᠮᠥᠩᠭᠦᠨ ᠤ ᠡᠷᠭᠢᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ ᠤ ᠲᠠᠯ᠎ᠠ ᠪᠠᠷ᠂ | ᠤᠮᠠᠷᠠᠲᠤ ᠬᠢᠯᠢ ᠶᠢᠨ ᠰᠣᠶᠣᠯ ᠤᠨ ᠤᠨᠤᠯ ᠤᠨ ᠰᠤᠳᠤᠯᠭᠠᠨ ᠵᠢᠴᠢ ᠲᠠᠶᠢᠯᠪᠤᠷᠢᠯᠠᠯᠲᠠ᠂ ᠠᠭᠤᠯᠭ᠎ᠠ ᠶᠢ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠨᠡᠷᠡᠳᠤ ᠲᠡᠮᠳᠡᠭ ᠢ | ᠤᠬᠠᠭᠤᠯᠤᠨ ᠳᠡᠯᠭᠡᠷᠡᠭᠦᠯᠬᠦ ᠵᠡᠷᠭᠡ ᠶᠢ ᠭᠤᠣᠯᠳᠠᠯᠭ᠎ᠠ ᠲᠠᠢ ᠳᠡᠮᠵᠢᠨ᠎ᠠ᠃ ︽ᠰᠣᠶᠣᠯ +︾ ᠠᠵᠤ ᠦᠢᠯᠡᠰ ᠤᠨ ᠰᠠᠭᠤᠷᠢ ᠮᠥᠩᠭᠦ ᠶᠢ ᠭᠦᠢᠴᠡᠳ ᠬᠡᠷᠡᠭᠯᠡᠵᠦ᠂ | ᠰᠣᠶᠣᠯ ᠤᠨ ᠠᠵᠤ ᠠᠬᠤᠶᠢᠯᠠᠯ ᠤᠳ ᠤᠨ ᠪᠤᠵᠠᠭᠠᠶᠢᠷᠠᠨ ᠬᠦᠴᠦᠷᠬᠡᠭᠵᠢᠬᠦ ᠶᠢ ᠨᠢ ᠲᠡᠳᠬᠦᠨ ᠳᠡᠮᠵᠢᠨ᠎ᠡ᠃ ᠡᠳ᠋ ᠤᠨ ᠵᠠᠰᠠᠭ ᠤᠨ ᠲᠢᠩᠬᠢᠮ︶ | |