ᠮᠠᠨ ᠤ ᠣᠷᠣᠨ ᠦᠵᠡᠵᠦ ᠰᠣᠨᠣᠰᠬᠤ ᠵᠣᠬᠢᠶᠠᠨ ᠪᠦᠲᠦᠭᠡᠯᠭᠡ ᠶᠢᠨ ᠰᠣᠳᠣᠨ ᠪᠦᠲᠦᠭᠡᠯ ᠢᠶᠠᠷ ᠢᠶᠠᠨ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠭᠡᠷᠡᠯᠳᠤᠭᠦᠯᠪᠡ
ᠨᠡᠶᠢᠲᠡᠯᠡᠭᠰᠡᠨ ᠴᠠᠭ᠄
2025/2/25
     2024 ᠣᠨ ᠳᠤ᠂ ᠪᠥᠬᠦ ᠣᠷᠣᠨ ᠤ 30 ᠪᠦᠲᠦᠭᠡᠯ᠂ ᠵᠠᠭᠤᠴᠢᠯᠠᠭᠤᠷ ᠤᠨ ᠠᠭᠤᠰᠤᠯᠴᠠᠩᠭᠤᠢ ᠲᠥᠰᠥᠯ ᠤᠨ 3 ᠵᠢᠱᠢᠶ᠎ᠡ ᠪᠠ 2 ᠪᠠᠶᠢᠭᠤᠯᠤᠮᠵᠢ ᠲᠣᠰ ᠲᠣᠰ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠡᠯ᠎ᠡ ᠲᠥᠷᠥᠯ ᠤᠨ ᠰᠢᠯᠢᠳᠡᠭ ᠪᠦᠲᠦᠭᠡᠯ ᠤᠨ ᠲᠠᠨᠢᠯᠴᠠᠭᠤᠯᠤᠨ ᠲᠡᠳᠬᠦᠬᠦ ᠨᠡᠷᠡᠰ ᠲᠤ ᠰᠤᠩᠭᠤᠭᠳᠠᠵᠤ᠂ ︽99 ᠳ᠋ᠦ᠋ᠭᠡᠷ ᠨᠣᠮᠧᠷᠲᠦ ᠵᠠᠰᠠᠮᠠᠯ ᠵᠠᠮ︾ ︽ᠵᠣᠭᠰᠣᠭᠠᠷᠠᠢ︾ ᠭᠡᠬᠦ 2 ᠪᠦᠲᠦᠭᠡᠯ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠲᠠᠨᠢᠯᠴᠠᠭᠤᠯᠤᠭᠰᠠᠨ ᠹᠢᠯᠢᠮ ᠳᠤ ᠠᠮᠵᠢᠯᠲᠠ ᠲᠠᠢ ᠪᠠᠷ ᠰᠤᠩᠭᠤᠭᠳᠠᠨ᠂ ᠱᠠᠩᠨᠠᠯ ᠭᠥᠷᠳᠡᠭᠰᠡᠨ ᠲᠤᠭ᠎ᠠ ᠨᠢ ᠥᠩᠭᠡᠷᠡᠭᠰᠡᠨ ᠵᠢᠯ ᠤᠳ ᠤᠨ ᠬᠠᠮᠤᠭ ᠤᠨ ᠣᠯᠠᠨ ᠪᠣᠯᠵᠠᠢ᠃ ᠪᠦᠬᠦ ᠣᠷᠣᠨ ᠤ ᠭᠤᠷᠪᠠᠳᠤᠭᠠᠷ ᠬᠤᠭᠤᠴᠠᠭᠠᠨ ᠤ ᠣᠬᠤᠷ ᠸᠢᠳᠢᠤ᠋ ᠪᠠ ᠪᠢᠴᠢᠯ ᠣᠬᠤᠷ ᠵᠦᠴᠦᠭᠡ ᠶᠢᠨ ᠤᠷᠤᠯᠳᠤᠭᠠᠨ ᠤ ᠪᠦᠬᠦ ᠰᠦᠯᠵᠢᠶᠡᠨ ᠳᠠᠬᠢ ᠳᠠᠮᠵᠢᠭᠳᠠᠨ ᠲᠠᠷᠬᠠᠭᠠᠭᠳᠠᠭᠰᠠᠨ ᠬᠡᠮᠵᠢᠶ᠎ᠡ 2.8 ᠳ᠋ᠦᠩᠰᠢᠭᠤᠷ ᠤᠳᠠᠭ᠎ᠠ ᠳᠤ ᠬᠦᠷᠪᠡ᠃ ᠶᠡᠷᠦᠩᠬᠡᠶᠢᠯᠡᠭᠰᠡᠨ ᠤᠷᠠᠯᠢᠭ ᠤᠨ ᠫᠷᠣᠭ᠍ᠷᠠᠮ ᠪᠣᠯᠬᠤ ︽ᠣᠷᠳᠣ ᠴᠠᠭᠠᠨ ᠬᠡᠷᠡᠮ︾ ︵ᠨᠢᠭᠡᠳᠦᠭᠡᠷ ᠪᠦᠯᠦᠭ︶᠂ ︽ᠠᠪᠤ ᠡᠵᠢ ᠶᠢᠨ ᠨᠤᠲᠤᠭ ᠤᠰᠤᠨ︾ ᠬᠡᠮᠡᠬᠦ ᠲᠧᠯᠸᠢᠰ ᠵᠦᠴᠦᠭᠡ ᠨᠢ ᠲᠣᠰ ᠲᠣᠰ ︽ᠰᠢᠩ ᠭᠤᠸᠠᠩ ᠱᠠᠩᠨᠠᠯ︾ ︽ᠹᠧᠢ ᠲᠢᠶᠠᠨ ᠱᠠᠩᠨᠠᠯ︾ ᠤᠨ ᠨᠡᠷ᠎ᠡ ᠳᠤᠷᠠᠳᠤᠭᠳᠠᠭᠰᠠᠨ ᠱᠠᠩᠨᠠᠯ ᠢ ᠭᠥᠷᠳᠡᠵᠦ᠂ ︽ᠠᠭᠤᠯᠠ ᠤᠰᠤᠨ ᠡᠰᠡᠨ ᠮᠡᠨᠳᠦ ᠪᠠᠶᠢᠭᠰᠠᠨ ᠴᠠᠭ ᠲᠤ ᠠᠯᠢᠪᠠ ᠪᠦᠬᠦᠨ ᠠᠮᠤᠭᠤᠯᠠᠩ ᠲᠠᠶᠢᠪᠤᠩ︾ ᠬᠡᠮᠡᠬᠦ ᠨᠡᠶᠢᠲᠡ ᠶᠢᠨ ᠠᠰᠠᠷᠠᠮᠵᠢ ᠶᠢᠨ ᠵᠠᠷ ᠨᠢ ᠳᠤᠮᠳᠠᠳᠤ ᠤᠯᠤᠰ ᠤᠨ ᠣᠯᠠᠨ ᠤᠯᠤᠰ ᠤᠨ ᠵᠠᠷ ᠮᠡᠳᠡᠭᠡᠨ ᠤ ᠴᠤᠭᠯᠠᠭᠠᠨ ᠤ ᠬᠠᠲᠤᠨ ᠭᠤᠣᠯ ᠤᠨ ᠱᠠᠩᠨᠠᠯ ᠤᠨ ᠴᠢᠬᠤᠯᠠ ᠶᠡᠭᠡ ᠭᠤᠣᠯ ᠰᠡᠳᠦᠪᠲᠦ ᠠᠯᠲᠠᠨ ᠮᠧᠳᠠᠯ ᠢ ᠭᠥᠷᠳᠡᠪᠡ᠃ ︽ᠤᠷᠳᠤ ᠴᠠᠭᠠᠨ ᠬᠡᠷᠡᠮ︾᠂ ︽ᠬᠠᠳᠤᠨ ᠭᠤᠣᠯ ᠤᠨ ᠰᠦᠭ ᠰᠦᠨᠡᠰᠦ︾᠂ ︽ᠳᠤᠮᠳᠠᠳᠤ ᠶᠢᠨ ᠯᠣᠣ︾ ᠭᠡᠬᠦ ᠳᠤᠮᠳᠠᠳᠤ ᠶᠢᠨ ᠰᠣᠶᠣᠯ ᠤᠨ ᠭᠤᠷᠪᠠᠯᠠᠭᠰᠠᠨ ᠪᠦᠲᠦᠭᠡᠯ ᠨᠢ ᠲᠥᠪ ᠤᠨ ᠤᠬᠠᠭᠤᠯᠬᠤ ᠬᠡᠯᠲᠡᠰ ᠤᠨ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠦᠢᠯᠡᠳᠦᠯᠭᠡ ᠶᠢᠨ ᠲᠥᠰᠥᠯ ᠤᠨ ᠵᠢᠱᠢᠶ᠎ᠡ ᠶᠢᠨ ᠰᠣᠩᠭᠤᠮᠠᠯ︾ ᠳᠤ ᠰᠣᠩᠭᠤᠭᠳᠠᠪᠠ᠃ ︵ᠷᠠᠳᠢᠣ᠋ ᠲᠧᠯᠸᠢᠰ ᠤᠨ ᠲᠣᠪᠴᠢᠶ᠎ᠠ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ