2 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠥᠸᠧ ᡁᠢ ᠭᠠᠩ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠲᠠᠩᠰᠤᠭ ᠰᠠᠶᠢᠬᠠᠨᠡᠸᠡᠩᠬᠢ ᠠᠵᠢᠯᠯᠠᠭᠠᠨ ᠢ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠳᠤ ᠵᠤᠬᠢᠴᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠨ ᠬᠤᠩ ᠢᠦᠢ ᠬᠤᠷᠠᠯ ᠳᠤ | ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ᠂ ᠨᠠᠮ ᠤᠨ ᠰᠤᠷᠭᠠᠭᠤᠯᠢ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠤᠳᠬ᠎ᠠ ᠤᠷᠠᠯᠢᠭ ᠤᠨ | ᠬᠢᠨ ᠤ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠰᠤᠮᠤ ᠰᠢᠶᠠᠩ ᠪᠠᠯᠭᠠᠰᠤ ᠵᠢᠴᠢ | ᠪᠤᠰᠤᠳ ᠬᠠᠮᠢᠶ᠎ᠠ ᠪᠦᠬᠦᠢ ᠨᠢᠭᠡᠴᠡ ᠬᠤᠷᠠᠯ ᠳᠤ ᠣᠷᠣᠯᠴᠠᠪᠠ᠃ | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠤᠮᠠᠷᠠᠲᠤ ᠶᠢᠨ ᠰᠣᠶᠣᠯ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯ ᠤᠨ | ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ︔ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ︽ | ᠲᠠᠩᠰᠤᠭ ᠰᠠᠶᠢᠬᠠᠨ ᠡᠸᠡᠩᠬᠢ ᠶᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠵᠤᠬᠢᠴᠠᠭᠤᠯᠤᠨ ᠳᠡᠭᠡᠭᠰᠢᠯᠡᠭᠦᠯᠬᠦ ᠠᠵᠢᠯᠯᠠᠭᠠᠨ ᠤ ᠲᠥᠰᠥᠯ︾ ᠢ | ᠤᠯᠠᠮᠵᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠣᠬᠠᠮᠰᠠᠷ᠂ ᠡᠭᠦᠷᠭᠡ ᠳᠠᠭᠠᠯᠭᠠᠪᠤᠷᠢ ᠵᠢᠨᠣᠬᠠᠮᠰᠠᠷ᠂ ᠶᠠᠭᠠᠷᠠᠪᠴᠢᠯᠠᠬᠤ ᠣᠬᠠᠮᠰᠠᠷ ᠢᠶᠠᠨ ᠲᠠᠰᠤᠷᠠᠯᠲᠠ ᠦᠭᠡᠢ | ᠴᠢᠩᠭᠠᠷᠠᠭᠤᠯᠵᠤ᠂ ᠨᠢᠭᠡᠳᠦᠯᠲᠡᠢ ᠲᠦᠯᠦᠪᠵᠢᠭᠦᠯᠭᠡ ᠶᠢ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠬᠠᠭᠤᠯᠭ᠎ᠠ ᠶᠢᠨ ᠠᠷᠭ᠎ᠠ | ᠵᠠᠮ ᠢ ᠭᠦᠨᠵᠡᠭᠡᠶᠢᠷᠡᠭᠦᠯᠦᠨ ᠥᠷᠭᠡᠳᠭᠡᠵᠦ᠂ ᠬᠦᠴᠦᠨ ᠴᠢᠳᠠᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠬᠤᠰᠢᠭᠤ ᠣᠷᠣᠨ ᠤ ᠣᠨᠴᠠᠯᠢᠭ ᠲᠤ | ᠰᠠᠭᠤᠷᠢᠯᠠᠨ᠂ ᠮᠠᠨ ᠤ ᠬᠤᠰᠢᠭᠤᠨ ᠤ ᠣᠯᠠᠨ ᠡᠰᠢᠲᠦ ᠰᠣᠶᠣᠯ᠂ ᠭᠦᠨ ᠵᠤᠵᠠᠭᠠᠨ ᠰᠣᠶᠣᠯ ᠤᠨ ᠠᠭᠤᠯᠬᠤᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠭᠠᠵᠠᠷ ᠣᠷᠣᠨ ᠤ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠨᠴᠠᠯᠢᠭᠲᠣ | ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠪᠣᠶ ᠪᠤᠯᠭᠠᠬᠤ ᠬᠡᠷᠡᠭᠲᠡᠢ ᠭᠡᠪᠡ᠃ | |