ᠳ᠋ᠦᠩᠱᠧᠩ ᠲᠣᠭᠤᠷᠢᠭ ᠤᠨ ︽4 + 3 + N︾ ᠨᠡᠶᠢᠭᠡᠮ ᠤᠨ ᠠᠪᠤᠷᠠᠨ ᠲᠤᠰᠠᠯᠠᠬᠤ ᠰᠢᠨ᠎ᠡ ᠬᠡᠪ ᠵᠠᠭᠪᠤᠷ ᠨᠢ ᠠᠷᠠᠳ ᠤᠨ ᠶᠠᠪᠤᠳᠠᠯ ᠤᠨ ᠶᠠᠮᠤᠨ ᠤ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2025/2/28
     ᠨᠢᠭᠡ ᠳᠤ᠂ ︽4 ᠠᠯᠬᠤᠮ ᠤᠨ ᠠᠬᠢᠭᠤᠯᠬᠤ ᠮᠠᠶ᠋ᠢᠭ ᠤᠨ ᠬᠡᠰᠡᠭ ᠬᠤᠪᠢᠶᠠᠬᠤ ᠦᠢᠯᠡᠴᠢᠯᠡᠭᠡ︾ ᠶᠢᠨ ᠪᠥᠬᠦ ᠶᠠᠪᠤᠴᠠ ᠳᠤ ᠬᠠᠩᠭᠠᠯᠭ᠎ᠠ ᠬᠡᠷᠡᠭᠴᠡᠭᠡ ᠶᠢ ᠣᠨᠣᠪᠴᠢᠲᠠᠶ ᠳᠣᠬᠢᠷᠠᠭᠤᠯᠪᠠ᠃ ︽ᠴᠧᠩ ᠽᠢ ᠱᠤ᠋︾ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭ ᠢ ᠡᠭᠦᠳᠦᠨ ᠪᠠᠶᠢᠭᠤᠯᠵᠤ᠂ ᠠᠮᠢᠳᠤᠷᠠᠯ ᠤᠨ ᠦᠢᠯᠡᠴᠢᠯᠡᠭᠡ ᠵᠡᠷᠭᠡ 7 ᠶᠡᠭᠡ ᠲᠥᠷᠥᠯ ᠤᠨ 40 ᠭᠠᠷᠤᠶ ᠵᠦᠢᠯ ᠤᠨ ᠦᠢᠯᠡᠴᠢᠯᠡᠭᠡᠨ ᠤ ᠠᠭᠤᠯᠭ᠎ᠠ ᠶᠢ ᠬᠠᠩᠭᠠᠵᠤ᠂ ᠵᠦᠢᠯ ᠪᠦᠷᠢ ᠶᠢᠨ ᠦᠢᠯᠡᠴᠢᠯᠡᠭᠡᠨ ᠤ ᠠᠭᠤᠯᠭ᠎ᠠ ᠶᠢ ᠦᠨᠳᠦᠰᠦᠨ ᠵᠦᠢᠯ ᠢ ᠪᠠᠲᠤᠯᠠᠬᠤ᠂ ᠬᠠᠷᠰᠢ ᠰᠠᠭᠠᠳ ᠢ ᠠᠷᠢᠯᠭᠠᠬᠤ᠂ ᠬᠥᠭᠵᠢᠯᠲᠡ ᠶᠢ ᠠᠬᠢᠭᠤᠯᠬᠤ᠂ ᠶᠠᠰᠤ ᠴᠢᠨᠠᠷ ᠦᠷ᠎ᠡ ᠪᠦᠲᠦᠮᠵᠢ ᠶᠢ ᠨᠡᠮᠡᠭᠳᠡᠭᠦᠯᠬᠦ ᠵᠡᠷᠭᠡ 4 ᠠᠬᠢᠭᠤᠯᠬᠤ ᠱᠠᠲᠤ ᠬᠤᠪᠢᠶᠠᠪᠠ᠃ ᠬᠤᠶᠠᠷ ᠲᠤ᠂ ︽3 ᠳᠡᠰ ᠤᠨ ᠱᠠᠲᠤᠯᠢᠭ ᠮᠠᠶ᠋ᠢᠭ ᠤᠨ ᠥᠪᠡᠰᠦᠪᠡᠨ ᠰᠣᠩᠭᠤᠬᠤ ᠦᠢᠯᠡᠴᠢᠯᠡᠭᠡ︾ ᠶᠢᠨ ᠪᠥᠬᠦ ᠦᠶᠡᠯᠡᠯ ᠤᠨ ᠬᠤᠭᠤᠴᠠᠭᠠᠨ ᠳᠤ ᠮᠥᠷᠳᠡᠨ ᠳᠠᠭᠠᠵᠤ ᠶᠠᠰᠤ ᠴᠢᠨᠠᠷ ᠢ ᠨᠢ ᠪᠠᠲᠤᠯᠠᠪᠠ᠃ ︽40% ᠶᠢᠨ ᠪᠡᠶ᠎ᠡ ᠪᠠᠨ ᠳᠠᠭᠠᠭᠠᠭᠰᠠᠨ ᠦᠢᠯᠡᠴᠢᠯᠡᠭᠡᠨ ᠤ ᠰᠣᠩᠭᠤᠯᠲᠠ︾ + ︽40% ᠶᠢᠨ ᠮᠥᠷᠳᠡᠨ ᠳᠠᠭᠠᠯᠲᠠ ᠦᠢᠯᠡᠴᠢᠯᠡᠭᠡᠨ ᠤ ᠰᠣᠩᠭᠤᠯᠲᠠ︾ + ︽20% ᠶᠢᠨ ᠨᠡᠮᠡᠭᠳᠡᠯ ᠥᠷᠲᠡᠭ ᠤᠨ ᠦᠢᠯᠡᠴᠢᠯᠡᠭᠡᠨ ᠤ ᠨᠥᠬᠦᠪᠥᠷᠢ︾ ᠵᠡᠷᠭᠡ 3 ᠠᠯᠬᠤᠮ ᠤᠨ ᠱᠠᠲᠤᠯᠢᠭ ᠮᠠᠶ᠋ᠢᠭ ᠤᠨ ᠥᠪᠡᠰᠦᠪᠡᠨ ᠰᠣᠩᠭᠤᠬᠤ ᠦᠢᠯᠡᠴᠢᠯᠡᠭᠡᠨ ᠤ ᠠᠷᠭ᠎ᠠ ᠮᠠᠶ᠋ᠢᠭ ᠢ ᠪᠣᠶ ᠪᠣᠯᠭᠠᠵᠤ᠂ ᠦᠢᠯᠡᠴᠢᠯᠡᠬᠦ ᠡᠲᠡᠭᠡᠳ ᠤᠨ ᠠᠳᠠᠯᠢ ᠪᠤᠰᠤ ᠴᠠᠭ ᠬᠤᠭᠤᠴᠠᠭᠠᠨ ᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠭᠤᠷᠪᠠ ᠳᠤ᠂ ︽N ᠵᠦᠢᠯ ᠤᠨ ᠦᠢᠯᠡᠴᠢᠯᠡᠭᠡᠨ ᠤ ᠡᠬᠢ ᠪᠠᠶᠠᠯᠢᠭ ᠤᠳ ᠢ ᠬᠠᠮᠵᠢᠯᠴᠠᠨ ᠬᠥᠳᠡᠯᠦᠯᠴᠡᠭᠦᠯᠬᠦ︾ ᠪᠦᠬᠦ ᠨᠡᠶᠢᠭᠡᠮ ᠤᠨ ᠡᠬᠢ ᠪᠠᠶᠠᠯᠢᠭ ᠤᠨ ᠬᠠᠮᠲᠤ ᠶᠢᠨ ᠬᠠᠪᠰᠤᠷᠤᠯᠴᠠᠯ ᠢ ᠪᠦᠷᠢᠯᠳᠦᠭᠦᠯᠪᠡ᠃ ᠳᠣᠲᠣᠭᠠᠳᠤ ᠳᠤ ᠪᠠᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠲᠠᠢ ᠬᠤᠯᠪᠣᠭᠠᠯᠠᠨ ᠬᠥᠳᠡᠯᠦᠯᠴᠡᠵᠦ᠂ ᠡᠮᠴᠢᠯᠡᠭᠡ᠂ ᠰᠤᠷᠭᠠᠨ ᠬᠥᠮᠦᠵᠢᠯ ᠵᠡᠷᠭᠡ ᠨᠡᠶᠢᠭᠡᠮ ᠤᠨ ᠲᠤᠰᠬᠠᠶ ᠵᠦᠢᠯ ᠤᠨ ᠠᠪᠤᠷᠠᠨ ᠲᠤᠰᠠᠯᠠᠯᠲᠠ ᠶᠢ ᠬᠠᠩᠭᠠᠵᠤ᠂ ᠭᠠᠳᠠᠭᠰᠢ ᠪᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠶ ᠶᠢᠨ ᠪᠠᠶᠢᠭᠤᠯᠤᠮᠵᠢ ᠬᠢᠭᠡᠳ ᠨᠡᠶᠢᠭᠡᠮ ᠤᠨ ᠰᠠᠶᠢᠨ ᠳᠤᠷᠠᠴᠤᠳ ᠵᠡᠷᠭᠡ ᠡᠬᠢ ᠪᠠᠶᠠᠯᠢᠭ ᠤᠳ ᠢ ᠨᠡᠶᠢᠳᠭᠡᠵᠦ᠂ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠥᠪᠡᠷᠮᠢᠴᠡᠵᠢᠭᠦᠯᠦᠭᠰᠡᠨ ᠦᠢᠯᠡᠴᠢᠯᠡᠭᠡ ᠶᠢ ᠥᠷᠨᠢᠭᠦᠯᠪᠡ᠃ ᠣᠳᠣᠬᠠᠨ ᠪᠣᠯᠲᠠᠯ᠎ᠠ᠂ ᠨᠡᠶᠢᠭᠡᠮ ᠤᠨ ᠠᠪᠤᠷᠠᠨ ᠲᠤᠰᠠᠯᠠᠬᠤ 607 ᠡᠲᠡᠭᠡᠳ ᠵᠢᠴᠢ ᠭᠡᠷ ᠪᠦᠯᠢ ᠳᠤ ᠨᠡᠶᠢᠲᠡ 6376 ᠬᠥᠮᠦᠨ ᠤᠳᠠᠭ᠎ᠠ ᠶᠢᠨ ᠦᠢᠯᠡᠴᠢᠯᠡᠭᠡ ᠬᠠᠩᠭᠠᠪᠠ᠃ ︵ᠠᠷᠠᠳ ᠤᠨ ᠶᠠᠪᠤᠳᠠᠯ ᠤᠨ ᠲᠢᠩᠬᠢᠮ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ