ᠨᠢᠭᠡ ᠳᠤ᠂ ︽ᠤᠰᠤ ᠠᠷᠪᠢᠯᠠᠬᠤ︾ ᠪᠠᠷ ᠭᠤᠣᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ | ᠤᠰᠤ ᠬᠠᠳᠠᠭᠠᠯᠠᠬᠤ ᠬᠥᠭᠡᠷᠭᠡ ᠶᠢᠨ ᠦᠷᠳᠡᠭᠡ᠂ ᠬᠠᠲᠤᠨ ᠭᠤᠣᠯ ᠤᠨ ᠤᠰᠤ ᠶᠢ ᠲᠠᠲᠠᠨ ᠠᠷᠢᠯᠭᠠᠵᠤ ᠳᠤᠰᠤᠯᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠢ | ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠥᠨᠳᠥᠷ ᠪᠠᠷᠢᠮᠵᠢᠶᠠᠲᠤ ᠤᠰᠤ ᠠᠷᠪᠢᠯᠠᠬᠤ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 20 ᠪᠠᠶᠢᠭᠤᠯᠤᠨ᠎ᠠ︔ ᠰᠤᠪᠠᠭ ᠢ ᠳᠤᠲᠤᠷᠯᠠᠨ ᠤᠰᠤ ᠠᠷᠪᠢᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ | ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠠᠯᠠᠪᠠᠢ ᠶᠢ 37 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠪᠣᠷᠣᠲᠣᠬᠤᠶ᠂ ᠳ᠋ᠧᠩᠺᠸᠦ ᠵᠡᠷᠭᠡ ᠲᠣᠮᠣ ᠳᠤᠮᠳᠠ | ᠬᠡᠯᠪᠡᠷᠢ ᠶᠢᠨ ᠤᠰᠤᠯᠠᠯᠲᠠ ᠶᠢᠨ ᠲᠠᠯᠠᠪᠠᠢ ᠶᠢ ᠰᠠᠶᠢᠵᠢᠷᠠᠭᠤᠯᠬᠤ ᠪᠠᠷ 30 ᠲᠦᠮᠡᠨ ᠮᠦ ᠠᠴᠠ ᠳᠡᠭᠡᠭᠰᠢ ᠪᠠᠶᠢᠯᠭᠠᠨ᠎ᠠ᠃ ᠬᠤᠶᠠᠷ ᠲᠤ᠂ ᠤᠰᠤ ᠠᠷᠪᠢᠯᠠᠬᠤ | ᠲᠥᠬᠦᠭᠡᠷᠦᠮᠵᠢ ᠶᠢ ᠳᠡᠭᠡᠭᠰᠢᠯᠡᠭᠦᠯᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠬᠤᠭᠤᠯᠠᠶ ᠭᠤᠤᠷᠰᠤ ᠪᠠᠷ ᠤᠰᠤᠯᠠᠬᠤ ᠵᠡᠷᠭᠡ ᠶᠢ | ᠭᠤᠤᠯᠳᠠᠯᠭ᠎ᠠ ᠲᠠᠢ ᠪᠠᠷ ᠥᠭᠡᠷᠡᠴᠢᠯᠡᠨ ᠰᠠᠶᠢᠵᠢᠷᠠᠭᠤᠯᠤᠭᠠᠳ ᠳᠤᠰᠤᠯᠭᠠᠨ ᠤᠰᠤᠯᠠᠬᠤ ᠪᠣᠯᠭᠠᠨ᠎ᠠ᠂ ᠬᠤᠭᠤᠯᠠᠶ ᠭᠤᠤᠷᠰᠤ ᠪᠠᠷ ᠤᠰᠤᠯᠠᠬᠤ ᠶᠢ ᠥᠭᠡᠷᠡᠴᠢᠯᠡᠨ | ᠰᠠᠶᠢᠵᠢᠷᠠᠭᠤᠯᠤᠭᠠᠳ ᠳᠤᠰᠤᠯᠭᠠᠨ ᠤᠰᠤᠯᠠᠬᠤ ᠪᠣᠯᠭᠠᠬᠤ ᠵᠡᠷᠭᠡ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ 150 ᠲᠦᠮᠡᠨ ᠮᠥ ᠬᠡᠷᠡᠭᠵᠢᠭᠦᠯᠵᠦ᠂ ᠥᠨᠳᠥᠷ | ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 27 ᠲᠦᠮᠡᠨ ᠮᠥ ᠠᠴᠠ ᠳᠡᠭᠡᠭᠰᠢ ᠪᠥᠲᠥᠭᠡᠨ ᠪᠠᠶᠢᠭᠤᠯᠤᠨ᠎ᠠ᠃ ᠭᠤᠷᠪᠠ ᠳᠤ᠂ ᠳᠤᠰᠤᠯᠭᠠᠨ | ᠤᠰᠤᠯᠠᠬᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ᠂ ᠣᠶᠤᠨᠴᠢ ᠨᠠᠷᠢᠯᠢᠭ ᠣᠨᠣᠴᠠᠲᠠᠶ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠎ᠡ᠂ | ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ 271 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠶᠢᠨ | ᠨᠡᠮᠡᠭᠳᠡᠯ ᠢ ᠠᠬᠢᠭᠤᠯᠬᠤ ᠰᠢᠶᠠᠨ ᠢ 20 ᠪᠠᠶᠢᠭᠤᠯᠤᠨ᠎ᠠ︔ ᠭᠠᠩ ᠬᠠᠭᠰᠠᠷᠠᠭᠠᠨ ᠢ ᠳᠠᠭᠠᠭᠠᠬᠤ ᠰᠦᠷᠬᠦ ᠶᠢ ᠳᠠᠭᠠᠭᠠᠬᠤ ᠰᠢᠨ᠎ᠡ ᠡᠭᠦᠯᠳᠡᠷ ᠪᠣᠯᠤᠨ ᠢᠵᠢ | ᠪᠦᠷᠢᠳᠦᠭᠦᠯᠦᠭᠰᠡᠨ ᠭᠠᠩ ᠬᠠᠭᠰᠠᠷᠠᠭᠠᠨ ᠢ ᠳᠠᠭᠠᠭᠠᠬᠤ ᠮᠡᠷᠭᠡᠵᠢᠯ ᠢ 93.5 ᠲᠦᠮᠡᠨ ᠮᠦ ᠳᠡᠯᠭᠡᠷᠡᠭᠦᠯᠦᠨ᠎ᠡ᠃ ︵ᠲᠠᠷᠢᠶᠠᠯᠠᠩ ᠮᠠᠯ ᠠᠵᠤ ᠠᠬᠤᠢ ᠪᠠ ᠭᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ︶ | |