ᠡᠳ᠋ ᠤᠨ ᠵᠠᠰᠠᠭ ᠤᠨ ᠲᠢᠩᠬᠢᠮ 2025 ᠣᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠨᠤᠭᠤᠳ ᠲᠤ ︽ | ᠬᠤᠣᠰ ᠲᠡᠷᠢᠭᠦᠨ ᠳᠡᠰ︾ ᠤᠨ ᠪᠦᠲᠦᠭᠡᠨ ᠪᠠᠶᠢᠭᠤᠯᠤᠯᠲᠠ ᠪᠠ ᠣᠨᠴᠠᠯᠢᠭᠲᠤ ᠬᠥᠭᠵᠢᠯᠲᠡ ᠶᠢ ᠬᠥᠲᠥᠯᠥᠨ ᠵᠢᠯᠣᠭᠤᠳᠬᠤ ᠪᠡᠯᠡ ᠮᠥᠩᠭᠦ ᠶᠢ 4.95 ᠳ᠋ᠦᠩᠰᠢᠭᠤᠷ | ᠲᠥᠭᠦᠷᠢᠭ ᠲᠣᠬᠢᠷᠠᠭᠤᠯᠪᠠ᠂ 2024 ᠣᠨ ᠤ ᠬᠢ ᠠᠴᠠ 0.82 ᠳ᠋ᠦᠩᠰᠢᠭᠤᠷ ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 20% ᠳᠤ ᠬᠥᠷᠪᠡ᠃ | ᠲᠣᠰ ᠤᠳᠠᠭᠠᠨ ᠤ ᠪᠠᠭᠤᠯᠭᠠᠭᠰᠠᠨ ᠪᠠᠯᠠ ᠮᠥᠩᠭᠦ ᠶᠢ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 9 ᠶᠡᠭᠡ ᠳᠡᠭᠡᠳᠦ ᠰᠤᠷᠭᠠᠭᠤᠯᠢ ᠶᠢᠨ | ᠲᠡᠷᠢᠭᠦᠨ ᠳᠡᠰ ᠲᠤ ᠲᠣᠭᠠᠴᠠᠭᠳᠠᠬᠤ 35 ᠬᠢᠴᠢᠶᠡᠯ ᠲᠦᠷᠦᠯ ᠤᠨ ᠰᠢᠨᠵᠢᠯᠡᠭᠡᠨ ᠤ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠵᠦᠶ ᠵᠣᠬᠢᠰᠲᠠᠶ ᠪᠠᠶᠢᠷᠢ ᠲᠣᠭᠲᠠᠭᠠᠯᠲᠠ ᠪᠠ ᠣᠨᠴᠠᠯᠢᠭᠲᠤ ᠬᠥᠭᠵᠢᠯᠲᠡ ᠶᠢ ᠬᠥᠲᠥᠯᠦᠨ | ᠵᠢᠯᠣᠭᠤᠳᠴᠤ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠬᠦᠷᠢᠶ᠎ᠡ ᠴᠠᠷᠠᠭᠠᠨ ᠳᠤ ᠲᠡᠷᠢᠭᠦᠨ ᠤ ᠬᠢ ᠶᠢ ᠴᠢᠷᠮᠠᠶᠢᠨ ᠡᠭᠦᠳᠦᠨ᠎ᠡ᠃ ᠲᠤᠰᠬᠠᠶ ᠵᠦᠢᠯ ᠤᠨ | ᠪᠠᠯᠠ ᠮᠥᠩᠭᠦ ᠳᠤ ᠲᠥᠷᠥᠯ ᠵᠦᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠢᠩᠬᠢᠨᠢ ᠠᠩᠭᠢ ᠶᠢᠨ ᠶᠡᠭᠡ | ᠳᠡᠭᠡᠳᠦ ᠰᠤᠷᠭᠠᠭᠤᠯᠢ ᠠᠴᠠ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠤ ᠬᠦᠮᠦᠵᠢᠭᠦᠯᠦᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠭᠦᠯᠦᠯᠲᠡ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠢᠨ᠎ᠡ | ᠡᠭᠦᠳᠦᠯᠲᠡ᠂ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠲᠥᠷᠥᠯ ᠵᠦᠢᠯ ᠤᠳ ᠢ ᠳᠣᠬᠢᠷᠠᠭᠤᠯᠬᠤ ᠪᠣᠯᠣᠨ᠎ᠠ᠃ ︵ᠡᠳ᠋ ᠤᠨ ᠵᠠᠰᠠᠭ ᠤᠨ ᠲᠢᠩᠬᠢᠮ︶ | |