ᠣᠶᠢᠷ᠎ᠠ ᠳᠤ᠂ ᠹᠦᠵᠢᠶᠠᠨ ᠤ ᠨᠢᠭᠡᠨ ᠡᠮᠡᠭᠲᠡᠢ ᠴᠢᠰᠤᠨ ᠳᠠᠷᠤᠯᠲᠠ ᠶᠢ ᠪᠠᠭᠤᠷᠠᠭᠤᠯᠬᠤ ᠡᠮ ᠤᠤᠭᠤᠬᠤ ᠦᠶ᠎ᠡ ᠳᠤ᠂ ᠡᠮ ᠢᠶᠠᠨ ᠬᠠᠭᠠᠯᠵᠤ ᠤᠤᠭᠤᠭᠠᠳ | ᠴᠢᠰᠤᠨ ᠳᠠᠷᠤᠯᠲᠠ ᠨᠢ ᠭᠡᠨᠡᠳᠲᠡ ᠪᠠᠭᠤᠷᠠᠵᠤ᠂ ᠮᠠᠨᠠᠷᠠᠬᠤ ᠪᠠᠶᠢᠳᠠᠯ ᠢᠯᠡᠷᠡᠵᠡᠢ᠂ ᠡᠨᠡ ᠨᠢ ᠶᠠᠭᠤᠨ ᠤ ᠤᠴᠢᠷ ᠠᠴᠠ ᠪᠣᠯᠤᠭᠰᠠᠨ ᠪᠣᠶ︖ ᠵᠠᠩ ᠠᠪᠠᠭᠠᠢ ᠵᠢᠯ | ᠭᠠᠷᠤᠢ ᠶᠢᠨ ᠴᠢᠰᠤᠨ ᠳᠠᠷᠤᠯᠲᠠ ᠥᠨᠳᠥᠷ ᠡᠪᠡᠳᠴᠢᠨ ᠤ ᠲᠡᠦᠬᠡ ᠲᠠᠢ᠂ ᠣᠶᠢᠷ᠎ᠠ ᠳᠤ ᠲᠡᠭᠦᠨ ᠤ ᠬᠠᠮᠤᠭ ᠥᠨᠳᠥᠷ ᠴᠢᠰᠤᠨ ᠳᠠᠷᠤᠯᠲᠠ ᠨᠢ | 160/100mmHg ᠬᠦᠷᠴᠡᠢ᠃ ᠲᠡᠷᠡ ᠥᠪᠡᠷ ᠤᠨ ᠢᠶᠠᠨ ᠡᠮ ᠤᠨ ᠬᠡᠮᠵᠢᠶ᠎ᠡ ᠨᠢ ᠭᠦᠢᠴᠡᠬᠦ ᠦᠭᠡᠢ ᠪᠠᠶᠢᠨ᠎ᠠ ᠭᠡᠵᠦ ᠪᠣᠳᠣᠭᠠᠳ ᠡᠳᠦᠷ ᠲᠤᠲᠤᠮ ᠤᠨ | ᠤᠤᠭᠤᠳᠠᠭ ᠴᠢᠰᠤᠨ ᠳᠠᠷᠤᠯᠲᠠ ᠶᠢ ᠪᠠᠭᠤᠷᠠᠭᠤᠯᠬᠤ ᠡᠮ ᠢ ᠰᠢᠳᠦ ᠪᠠᠷ ᠢᠶᠠᠨ ᠬᠠᠭ᠎ᠠ ᠬᠠᠵᠠᠵᠤ ᠶᠡᠭᠡ ᠬᠠᠭᠠᠰ ᠢ ᠨᠢ ᠤᠤᠭᠤᠪᠠ᠃ ᠰᠠᠨᠠᠭᠠᠨ ᠠᠴᠠ ᠭᠠᠳᠠᠭᠤᠷ᠂ | ᠬᠠᠭᠠᠰ ᠴᠠᠭ ᠪᠣᠯᠣᠯ ᠦᠭᠡᠢ ᠪᠠᠷ ᠵᠠᠩ ᠠᠪᠠᠭᠠᠢ ᠶᠢᠨ ᠨᠢᠳᠦ ᠨᠢ ᠭᠡᠨᠡᠳᠲᠡ ᠬᠠᠷᠠᠯᠠᠵᠤ᠂ ᠬᠦᠢᠲᠡᠨ ᠬᠥᠯᠥᠰᠦ ᠠᠰᠬᠠᠷᠠᠨ᠂ ᠪᠡᠶ᠎ᠡ ᠨᠢ ᠲᠠᠮᠢᠷ ᠦᠭᠡᠢ ᠪᠣᠯᠣᠭᠠᠳ | ᠰᠢᠭᠤᠳ ᠱᠠᠹᠠ ᠳᠡᠭᠡᠷ᠎ᠡ ᠪᠠᠨ ᠣᠩᠬᠤᠯᠢᠵᠤ ᠣᠨᠠᠪᠠ᠂ ᠢᠩᠭᠢᠭᠡᠳ ᠭᠡᠷ ᠤᠨ ᠬᠥᠮᠥᠰ ᠨᠢ ᠲᠡᠭᠦᠨ ᠢ ᠡᠮᠨᠡᠯᠭᠡ ᠳᠤ ᠬᠦᠷᠭᠡᠵᠡᠢ᠃ ᠡᠮᠴᠢ ᠶᠢᠨ | ᠲᠠᠨᠢᠯᠴᠠᠭᠤᠯᠤᠭᠰᠠᠨ ᠢᠶᠠᠷ᠂ ᠵᠠᠩ ᠠᠪᠠᠭᠠᠢ ᠶᠢᠨ ᠤᠤᠭᠤᠭᠰᠠᠨ ᠴᠢᠰᠤᠨ ᠳᠠᠷᠤᠯᠲᠠ ᠶᠢ ᠪᠠᠭᠤᠷᠠᠭᠤᠯᠬᠤ ᠡᠮ ᠪᠣᠯ ᠨᠢᠤᠹᠧᠨᠳᠢᠫᠢᠨ ᠤ ᠲᠠᠶᠢᠯᠪᠤᠷᠢ ᠬᠠᠪᠲᠠᠭᠠᠢ ᠦᠷᠢᠯ ︵ | 硝苯地平控释片︶ ᠪᠣᠯᠣᠨ᠎ᠠ᠂ ᠡᠨᠡ ᠬᠦ ᠡᠮ ᠤᠨ ᠨᠢᠭᠡ ᠦᠷᠢᠯ ᠨᠢ 3 ᠡᠩ ᠤᠨ ᠨᠢᠤᠹᠧᠨᠳᠢᠫᠢᠨ ᠦᠷᠢᠯ ︵硝苯地 平片︶ ᠤᠨ | ᠬᠡᠮᠵᠢᠶ᠎ᠡ ᠲᠠᠢ ᠲᠡᠩᠴᠡᠨ᠎ᠡ᠃ ᠬᠡᠷᠪᠡ ᠬᠠᠭ᠎ᠠ ᠬᠠᠵᠠᠬᠤ᠂ ᠬᠠᠭᠠᠯᠬᠤ᠂ ᠨᠢᠴᠠᠯᠤᠨ ᠤᠤᠭᠤᠪᠠᠯ᠂ ᠶᠡᠭᠡ ᠬᠡᠮᠵᠢᠶᠡᠨ ᠤ ᠴᠢᠰᠤᠨ ᠳᠠᠷᠤᠯᠲᠠ ᠶᠢ ᠪᠠᠭᠤᠷᠠᠭᠤᠯᠬᠤ ᠡᠮ ᠨᠢ | ᠠᠭᠱᠠᠨ ᠵᠠᠭᠤᠷ᠎ᠠ ᠪᠡᠶ᠎ᠡ ᠶᠢᠨ ᠳᠣᠲᠣᠷ᠎ᠠ ᠲᠠᠷᠬᠠᠵᠤ᠂ ᠴᠢᠰᠤᠨ ᠳᠠᠷᠤᠯᠲᠠ ᠶᠢ ᠮᠠᠰᠢ ᠲᠦᠷᠭᠡᠨ ᠢᠶᠠᠷ ᠪᠠᠭᠤᠷᠠᠭᠤᠯᠤᠨ᠎ᠠ᠃ | |