11 ᠰᠠᠷ᠎ᠠ ᠶᠢᠨ 11 ᠤ ᠡᠳᠦᠷ᠂ ᠬᠤᠶᠠᠷ ᠰᠠᠯᠠᠭ᠎ᠠ ᠮᠥᠴᠢᠷ ᠬᠠᠮᠲᠤᠷᠠᠨ ︽ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ | ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤ ᠠᠯᠪᠠᠨ | ᠲᠢᠩᠬᠢᠮ ᠤᠨ ᠮᠡᠳᠡᠭᠳᠡᠯ︾ ᠢ ᠨᠡᠶᠢᠲᠡᠯᠡᠵᠦ᠂ ᠤᠯᠤᠰ ᠤᠨ ᠲᠠᠰ ᠳᠠᠪᠬᠤᠷᠭ᠎ᠠ ᠳᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢ | ᠤᠷᠢᠳᠴᠢᠯᠠᠨ ᠥᠭᠬᠦ ᠲᠦᠷᠢᠮ ᠢ ᠨᠢᠭᠡᠳᠭᠡᠨ ᠲᠡᠭᠦᠯᠳᠡᠷᠵᠢᠭᠦᠯᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠡᠭ ᠢᠶᠠᠷ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃ ᠮᠡᠳᠡᠭᠳᠡᠯ ᠳᠤ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠤᠷᠢᠳᠴᠢᠯᠠᠨ ᠥᠭᠬᠦ ᠮᠥᠩᠭᠦ ᠪᠣᠯ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ | ᠵᠠᠷᠤᠳᠠᠯ ᠢ ᠣᠷᠣᠯᠠᠨ ᠥᠭᠬᠦ ᠳᠠᠷᠤᠯᠲᠠ ᠶᠢ ᠬᠥᠩᠭᠡᠷᠡᠭᠦᠯᠬᠦ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠳᠠᠭᠠᠳᠬᠠᠯ ᠳᠤ | ᠣᠷᠣᠯᠴᠠᠭᠰᠠᠳ ᠤᠨ ᠡᠪᠡᠳᠴᠢᠨ ᠦᠵᠡᠭᠦᠯᠦᠭᠰᠡᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ ᠭᠠᠷᠭᠠᠭᠰᠠᠨ ᠡᠷᠭᠢᠯᠲᠡ ᠶᠢᠨ ᠪᠠᠯᠠ ᠮᠥᠩᠭᠦ | ᠪᠤᠯᠤᠨ᠎ᠠ᠂ ᠲᠡᠭᠦᠨ ᠢ ᠡᠮ ᠲᠠᠩ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠡᠮᠴᠢᠯᠡᠭᠡᠨ ᠤ ᠵᠠᠷᠤᠳᠠᠯ ᠤᠨ ᠡᠷᠭᠢᠯᠲᠡ ᠶᠢᠨ ᠵᠠᠷᠤᠯᠭ᠎ᠠ ᠳᠤ | ᠬᠡᠷᠡᠭᠯᠡᠨ᠎ᠡ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ᠂ ᠡᠳᠦᠷ ᠲᠤᠲᠤᠮ ᠤᠨ ᠠᠵᠢᠯᠯᠠᠭ᠎ᠠ᠂ ᠥᠭᠴᠡᠭᠡ | ᠳᠥᠯᠥᠬᠦ ᠵᠡᠷᠭᠡ ᠡᠮᠴᠢᠯᠡᠭᠡᠨ ᠤ ᠪᠤᠰᠤ ᠵᠠᠷᠤᠳᠠᠯ ᠤᠨ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ ᠭᠡᠵᠦ ᠲᠤᠳᠤᠷᠬᠠᠢ ᠲᠤᠬᠳᠠᠭᠠᠪᠠ᠃ ᠮᠡᠳᠡᠭᠳᠡᠯ ᠳᠤ᠂ ᠡᠯ᠎ᠡ ᠮᠤᠵᠢ ᠶᠢᠨ | ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢ ᠵᠢᠯᠣᠭᠤᠳᠤᠨ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢ ᠤᠷᠢᠳᠴᠢᠯᠠᠨ ᠥᠭᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮ | ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠨᠢ ᠦᠨᠳᠦᠰᠦᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠶᠢᠨ ᠪᠠᠶᠢᠳᠠᠯ ᠢ | ᠦᠨᠳᠦᠰᠦᠯᠡᠨ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠬᠠᠮᠢᠶ᠎ᠠ ᠪᠦᠬᠦᠢ ᠤᠷᠢᠳᠴᠢᠯᠠᠨ ᠥᠭᠬᠦ ᠮᠥᠩᠭᠦ ᠶᠢᠨ | ᠳᠦᠷᠢᠮ ᠢ ᠰᠤᠳᠤᠯᠤᠨ ᠪᠠᠶᠢᠭᠤᠯᠬᠤ ᠭᠡᠷᠡᠭᠳᠡᠢ ᠭᠡᠵᠦ ᠱᠠᠭᠠᠷᠳᠠᠪᠠ᠃ ︽ᠰᠠᠭᠤᠷᠢ ᠮᠥᠩᠭᠦᠨ ᠤ ᠠᠮᠤᠷ ᠲᠦᠪᠰᠢᠨ ᠪᠣᠯ ᠤᠷᠢᠳᠴᠢᠯᠠᠨ ᠥᠭᠬᠦ ᠠᠵᠢᠯ ᠢ | ᠬᠡᠷᠡᠭᠵᠢᠭᠦᠯᠬᠦ ᠶᠢᠨ ᠦᠨᠳᠦᠰᠦᠨ ᠤᠷᠢᠲᠠᠯ ᠮᠥᠨ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ︾ ᠭᠡᠵᠦ | ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠡᠯᠡᠪᠡ᠃ ᠮᠡᠳᠡᠭᠳᠡᠯ ᠢ ᠦᠨᠳᠦᠰᠦᠯᠡᠪᠡᠯ᠂ ᠵᠠᠷᠴᠢᠮ | ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ | ᠮᠥᠩᠭᠦ ᠶᠢᠨ ᠨᠡᠶᠢᠲᠡ ᠦᠯᠡᠳᠡᠪᠦᠷᠢ ᠶᠢ ᠳᠥᠯᠥᠵᠦ ᠪᠣᠯᠬᠤ ᠰᠠᠷ᠎ᠠ ᠶᠢᠨ ᠲᠤᠭ᠎ᠠ ᠨᠢ 12 ᠰᠠᠷ᠎ᠠ ᠠᠴᠠ ᠳᠤᠲᠠᠭᠤ ᠥᠬᠡᠶ ᠪᠠᠶᠢᠪᠠᠯ ᠠᠵᠢᠯᠲᠠᠨ ᠠᠵᠢᠯᠴᠢᠨ ᠤ ᠡᠮ | ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠᠷ ᠤᠷᠢᠳᠴᠢᠯᠠᠨ ᠦᠭᠴᠦ ᠪᠣᠯᠤᠨ᠎ᠠ᠂ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠶᠢ ᠳᠥᠯᠥᠵᠦ ᠪᠣᠯᠬᠤ ᠰᠠᠷ᠎ᠠ ᠶᠢᠨ ᠲᠤᠭ᠎ᠠ ᠨᠢ 6 ᠰᠠᠷ᠎ᠠ ᠠᠴᠠ ᠳᠤᠲᠠᠭᠤ ᠥᠬᠡᠶ ᠪᠠᠶᠢᠪᠠᠯ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠᠷ ᠤᠷᠢᠳᠴᠢᠯᠠᠨ ᠦᠭᠴᠦ ᠪᠣᠯᠤᠨ᠎ᠠ᠃ ᠲᠦᠷᠦᠭᠦᠦ ᠵᠢᠯ ᠳᠤ ᠨᠢᠭᠡᠨᠲᠡ ᠲᠣᠰ ᠬᠤᠭᠤᠴᠠᠭᠠᠨ ᠤ | ᠤᠯᠠᠭᠠᠨ ᠲᠤᠭ᠎ᠠ ᠭᠠᠷᠤᠭᠰᠠᠨ ᠪᠤᠶᠤ 12 ᠰᠠᠷ᠎ᠠ ᠶᠢᠨ ᠥᠩᠬᠦᠷᠢᠭᠦᠯᠦᠨ ᠲᠥᠰᠦᠭᠡᠯᠡᠨ ᠪᠤᠳᠤᠬᠤ ᠠᠷᠭ᠎ᠠ ᠪᠠᠷ ᠲᠣᠰ ᠵᠢᠯ ᠤᠨ ᠤᠯᠠᠭᠠᠨ ᠲᠤᠭ᠎ᠠ ᠶᠢ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠤᠷᠢᠳᠴᠢᠯᠠᠨ ᠦᠭᠴᠦ ᠪᠤᠯᠬᠤ ᠥᠬᠡᠶ᠃ | |