ᠰᠢᠨᠬᠤᠸᠠ ᠬᠤᠷᠢᠶ᠎ᠠ ᠶᠢᠨ ᠮᠦᠭᠳᠡᠨ ᠤ 1 ᠰᠠᠷ᠎ᠠ ᠶᠢᠨ 25 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠴᠠᠭᠠᠨ ᠰᠠᠷ᠎ᠠ | ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 24 ᠤ ᠡᠳᠦᠷ ᠤᠮᠠᠷᠠᠲᠤ ᠬᠡᠰᠡᠭ ᠤᠨ ᠪᠠᠶᠢᠯᠳᠤᠭᠠᠨ ᠤ | ᠲᠣᠭᠤᠷᠢᠭ ᠤᠨ ᠪᠠᠶᠢᠭᠤᠯᠭ᠎ᠠ ᠳᠤ ᠬᠦᠷᠴᠦ ᠠᠵᠢᠯ ᠪᠠᠶᠢᠴᠠᠭᠠᠨ ᠲᠣᠬᠤᠨᠢᠭᠤᠯᠵᠤ᠂ ᠸᠢᠳᠢᠤ᠋ ᠪᠠᠷ ᠦᠨᠳᠦᠰᠦᠨ ᠱᠠᠲᠤᠨ ᠤ ᠳᠠᠷᠤᠭ᠎ᠠ ᠪᠠᠶᠢᠯᠳᠤᠭᠴᠢᠳ ᠢ ᠡᠷᠭᠢᠨ | ᠦᠵᠡᠵᠦ᠂ ᠴᠡᠷᠢᠭ ᠠᠩᠭᠢ ᠶᠢᠨ ᠲᠠᠶᠢᠨ ᠳᠤ ᠪᠡᠯᠡᠳᠬᠡᠨ ᠵᠢᠵᠢᠭᠦᠷᠯᠡᠬᠦ ᠪᠣᠯᠣᠨ ᠡᠭᠦᠷᠭᠡ ᠭᠦᠢᠴᠡᠳᠬᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠨᠠᠮ ᠤᠨ ᠲᠥᠪ | ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠠᠷᠠᠳ ᠤᠨ ᠴᠢᠯᠦᠭᠡᠯᠡᠬᠦ ᠴᠡᠷᠢᠭ ᠤᠨ ᠪᠦᠭᠦ ᠵᠢᠯᠣᠭᠤᠳᠤᠭᠴᠢ ᠪᠠᠶᠢᠯᠳᠤᠭᠴᠢ᠂ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠭᠢ ᠶᠢᠨ ᠪᠢᠴᠢᠭ ᠤᠨ ᠠᠵᠢᠯᠲᠠᠨ᠂ ᠪᠡᠯᠡᠳᠬᠡᠯ ᠠᠯᠪᠠᠨ ᠤ ᠬᠥᠮᠥᠰ ᠪᠠ | ᠡᠷᠦᠭᠡ ᠶᠢᠨ ᠴᠡᠷᠢᠭ ᠲᠤ ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠬᠦᠰᠡᠯ ᠵᠥᠩᠨᠡᠯ ᠳᠡᠪᠰᠢᠭᠦᠯᠪᠡ᠃ | | | | | 1 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠪᠠᠶᠢᠭᠤᠯᠭ᠎ᠠ ᠳᠤ | ᠬᠦᠷᠴᠦ ᠠᠵᠢᠯ ᠪᠠᠶᠢᠴᠠᠭᠠᠨ ᠲᠣᠬᠤᠨᠢᠭᠤᠯᠵᠤ᠂ ᠸᠢᠳᠢᠤ᠋ ᠪᠠᠷ ᠦᠨᠳᠦᠰᠦᠨ ᠱᠠᠲᠤᠨ ᠤ ᠳᠠᠷᠤᠭ᠎ᠠ ᠪᠠᠶᠢᠯᠳᠤᠭᠴᠢᠳ ᠢ ᠡᠷᠭᠢᠨ ᠦᠵᠡᠵᠦ᠂ ᠴᠡᠷᠢᠭ ᠠᠩᠭᠢ ᠶᠢᠨ | ᠲᠠᠶᠢᠨ ᠳᠤ ᠪᠡᠯᠡᠳᠬᠡᠨ ᠵᠢᠵᠢᠭᠦᠷᠯᠡᠬᠦ ᠪᠣᠯᠣᠨ ᠡᠭᠦᠷᠭᠡ ᠭᠦᠢᠴᠡᠳᠬᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠠᠷᠠᠳ ᠤᠨ ᠴᠢᠯᠦᠭᠡᠯᠡᠬᠦ ᠴᠡᠷᠢᠭ ᠤᠨ ᠪᠦᠭᠦ ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠭᠢ ᠶᠢᠨ ᠪᠢᠴᠢᠭ ᠤᠨ ᠠᠵᠢᠯᠲᠠᠨ᠂ ᠪᠡᠯᠡᠳᠬᠡᠯ ᠠᠯᠪᠠᠨ ᠤ ᠬᠥᠮᠥᠰ ᠪᠣᠯᠣᠨ ᠡᠷᠦᠭᠡ ᠶᠢᠨ ᠴᠡᠷᠢᠭ ᠲᠤ ᠴᠢᠩ | ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠬᠦᠰᠡᠯ ᠵᠥᠩᠨᠡᠯ ᠳᠡᠪᠰᠢᠭᠦᠯᠪᠡ᠃ ᠵᠢᠷᠤᠭ ᠪᠣᠯ ᠰᠢ ᠶᠢᠨ ᠫᠢᠩ ᠡᠮᠦᠨᠡᠲᠦ ᠬᠡᠰᠡᠭ ᠤᠨ ᠪᠠᠶᠢᠯᠳᠤᠭᠠᠨ ᠤ | ᠲᠣᠭᠤᠷᠢᠭ ᠤᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠡᠭᠦᠷᠭᠡ ᠶᠢᠨ ᠬᠤᠪᠢᠶᠠᠷᠢ ᠠᠩᠭᠢ᠂ ᠵᠡᠭᠦᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ | ᠳᠠᠯᠠᠶ ᠶᠢᠨ ᠴᠡᠷᠢᠭ ᠤᠨ ᠬᠥᠯᠭᠡ ᠣᠩᠭᠤᠴᠠᠲᠤ ᠵᠠᠯᠠᠭᠤᠷᠲᠤ ᠰᠤᠮᠤᠨ ᠤ ᠨᠢᠭᠡᠨ ᠬᠤᠷᠢᠶ᠎ᠠ ᠶᠢᠨ ᠵᠢᠵᠢᠭᠦᠷ ᠤᠨ ᠬᠤᠪᠢᠶᠠᠷᠢ ᠠᠩᠭᠢ᠂ ᠳᠤᠮᠳᠠ ᠬᠡᠰᠡᠭ ᠤᠨ | ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ ᠠᠭᠠᠷ ᠤᠨ ᠰᠡᠷᠭᠡᠶᠢᠯᠡᠯᠲᠡ ᠶᠢᠨ ᠵᠠᠯᠠᠭᠤᠷᠲᠤ ᠰᠤᠮᠤᠨ ᠤ ᠨᠢᠭᠡᠨ ᠪᠠᠳ᠋ᠯᠢᠶᠤᠨ᠂ ᠴᠡᠷᠢᠭ ᠤᠨ ᠶᠠᠪᠤᠳᠠᠯ ᠤᠨ | ᠰᠠᠨᠰᠠᠷ ᠤᠨ ᠠᠶᠠᠯᠠᠯ ᠤᠨ ᠴᠡᠷᠢᠭ ᠠᠩᠭᠢ ᠶᠢᠨ ᠨᠢᠭᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠥᠷᠲᠡᠭᠡ᠂ ᠵᠧᠩᠵᠧᠦ ᠶᠢᠨ ᠬᠠᠮᠲᠤᠷᠠᠭᠰᠠᠨ | ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠮᠠᠰᠢᠨ ᠲᠡᠷᠭᠡᠨ ᠤ ᠲᠡᠭᠡᠭᠡᠪᠦᠷᠢ ᠶᠢᠨ ᠨᠢᠭᠡᠨ ᠬᠤᠷᠢᠶ᠎ᠠ ᠶᠢᠨ 2 ᠳ᠋ᠤᠭᠠᠷ ᠪᠠᠳ᠋ᠯᠢᠶᠤᠨ᠂ ᠵᠡᠪᠰᠡᠭᠲᠦ ᠴᠠᠭᠳᠠᠭ᠎ᠠ ᠶᠢᠨ | ᠲᠥᠪᠡᠳ ᠤᠨ ᠶᠡᠷᠦᠩᠬᠡᠢ ᠠᠩᠭᠢ ᠶᠢᠨ ᠰᠢᠭᠠᠽᠧ ᠶᠢᠨ ᠰᠠᠯᠪᠤᠷᠢ ᠠᠩᠭᠢ ᠶᠢᠨ ᠵᠢᠵᠢᠭᠦᠷᠯᠡᠬᠦ 3 ᠳ᠋ᠤᠭᠠᠷ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ | ᠸᠢᠳᠢᠤ᠋ ᠪᠠᠷ ᠶᠠᠷᠢᠯᠴᠠᠵᠤ ᠪᠠᠶᠢᠭ᠎ᠠ ᠨᠢ ︵ᠵᠦᠢᠭᠰᠡᠨ ᠵᠢᠷᠤᠭ︶᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠪᠢᠯᠢᠭ ᠤᠨ ᠤᠯᠠᠷᠢᠯ ᠤᠨ ᠯᠠ ᠰᠠᠷ᠎ᠠ ᠶᠢᠨ ᠬᠤᠷᠢᠨ ᠭᠤᠷᠪᠠᠨ ᠨᠢᠭᠡᠨᠲᠡ ᠥᠩᠭᠡᠷᠡᠵᠦ᠂ ᠯᠢᠶᠣᠤᠨᠢᠩ ᠤᠨ ᠡᠬᠡ ᠭᠠᠵᠠᠷ ᠲᠤ ᠪᠠᠶᠠᠷ ᠤᠨ ᠡᠳᠦᠷ ᠤᠨ ᠠᠭᠤᠷ | ᠠᠮᠢᠰᠬᠤᠯ ᠪᠢᠯᠬᠠᠨ᠎ᠠ᠃ ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ | ᠪᠠᠶᠢᠭᠤᠯᠭ᠎ᠠ ᠳᠤ ᠬᠦᠷᠴᠦ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠳᠠᠷᠤᠭ᠎ᠠ ᠪᠠᠶᠢᠯᠳᠤᠭᠴᠢᠳ ᠤᠨ | ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠲᠠᠷᠠᠭ᠎ᠠ ᠨᠢ᠂ ᠰᠢ ᠶᠢᠨ ᠫᠢᠩ ᠪᠦᠭᠦ ᠴᠡᠷᠢᠭ ᠤᠨ ᠬᠤᠯᠪᠣᠭᠳᠠᠯ ᠪᠦᠬᠦᠢ ᠴᠡᠷᠢᠭ ᠠᠩᠭᠢ ᠲᠠᠢ ᠸᠢᠳᠢᠤ᠋ ᠪᠠᠷ ᠶᠠᠷᠢᠯᠴᠠᠪᠠ᠃ ᠡᠮᠦᠨᠡᠲᠦ ᠬᠡᠰᠡᠭ ᠤᠨ ᠪᠠᠶᠢᠯᠳᠤᠭᠠᠨ ᠤ | ᠲᠣᠭᠤᠷᠢᠭ ᠤᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠡᠭᠦᠷᠭᠡ ᠶᠢᠨ ᠬᠤᠪᠢᠶᠠᠷᠢ ᠠᠩᠭᠢ᠂ ᠵᠡᠭᠦᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ | ᠲᠠᠯᠠᠢ ᠶᠢᠨ ᠴᠡᠷᠢᠭ ᠤᠨ ᠬᠥᠯᠭᠡ ᠣᠩᠭᠤᠴᠠᠲᠤ ᠵᠠᠯᠠᠭᠤᠷᠲᠤ ᠰᠤᠮᠤ ᠶᠢᠨ ᠨᠢᠭᠡᠨ ᠬᠤᠷᠢᠶ᠎ᠠ ᠶᠢᠨ ᠵᠢᠵᠢᠭᠦᠷᠯᠡᠬᠦ ᠬᠤᠪᠢᠶᠠᠷᠢ ᠠᠩᠭᠢ᠂ ᠳᠤᠮᠳᠠ ᠬᠡᠰᠡᠭ ᠤᠨ | ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ ᠠᠭᠠᠷ ᠰᠡᠷᠭᠡᠶᠢᠯᠡᠯᠲᠡ ᠶᠢᠨ ᠵᠠᠯᠠᠭᠤᠷᠲᠤ ᠰᠤᠮᠤ ᠶᠢᠨ ᠨᠢᠭᠡᠨ ᠪᠠᠳ᠋ᠯᠢᠶᠤᠨ᠂ ᠴᠡᠷᠢᠭ ᠤᠨ ᠶᠠᠪᠤᠳᠠᠯ ᠤᠨ | ᠰᠠᠨᠰᠠᠷ ᠤᠨ ᠠᠶᠠᠯᠠᠯ ᠤᠨ ᠴᠡᠷᠢᠭ ᠠᠩᠭᠢ ᠶᠢᠨ ᠨᠢᠭᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠦᠷᠳᠡᠭᠡ᠂ ᠵᠧᠩᠵᠧᠦ ᠶᠢᠨ ᠬᠠᠮᠲᠤᠷᠠᠭᠰᠠᠨ | ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠮᠠᠰᠢᠨ ᠲᠡᠷᠭᠡᠨ ᠤ ᠲᠡᠭᠡᠭᠡᠪᠦᠷᠢ ᠶᠢᠨ ᠨᠢᠭᠡᠨ ᠬᠤᠷᠢᠶ᠎ᠠ ᠶᠢᠨ 2 ᠳ᠋ᠤᠭᠠᠷ ᠪᠠᠳ᠋ᠯᠢᠶᠤᠨ᠂ ᠵᠡᠪᠰᠡᠭᠲᠦ ᠴᠠᠭᠳᠠᠭ᠎ᠠ ᠶᠢᠨ | ᠲᠥᠪᠡᠳ ᠤᠨ ᠶᠡᠷᠦᠩᠬᠡᠢ ᠠᠩᠭᠢ ᠶᠢᠨ ᠰᠢᠭᠠᠽᠧ ᠶᠢᠨ ᠰᠠᠯᠪᠤᠷᠢ ᠠᠩᠭᠢ ᠶᠢᠨ ᠵᠢᠵᠢᠭᠦᠷᠯᠡᠬᠦ 3 ᠳ᠋ᠤᠭᠠᠷ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠲᠡᠷᠢ ᠲᠡᠭᠰᠢ | ᠵᠢᠭᠰᠠᠵᠤ᠂ ᠲᠡᠷᠢᠭᠦᠯᠡᠭᠴᠢ ᠰᠢ ᠶᠢᠨ ᠫᠢᠩ ᠳᠤ ᠲᠠᠶᠢᠨ ᠳᠤ ᠪᠡᠯᠡᠳᠬᠡᠨ ᠵᠢᠵᠢᠭᠦᠷᠯᠡᠬᠦ ᠪᠠ ᠡᠭᠦᠷᠭᠡ ᠭᠦᠢᠴᠡᠳᠬᠡᠵᠦ ᠪᠠᠶᠢᠬᠤ ᠪᠠᠶᠢᠳᠠᠯ ᠢᠶᠠᠨ ᠳᠡᠰ ᠳᠠᠷᠠᠭ᠎ᠠ ᠲᠠᠢ | ᠮᠡᠳᠡᠭᠦᠯᠪᠡ᠃ ᠰᠢ ᠶᠢᠨ ᠫᠢᠩ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠡᠳᠡᠨ ᠤ ᠠᠵᠢᠯ ᠢ ᠭᠦᠢᠴᠡᠳ | ᠨᠤᠲᠠᠯᠠᠭᠰᠠᠨ ᠪᠥᠭᠡᠳ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠬᠡᠳᠦᠨ ᠡᠳᠦᠷ ᠥᠩᠭᠡᠷᠡᠪᠡᠯ ᠴᠠᠭᠠᠨ ᠰᠠᠷ᠎ᠠ ᠪᠣᠯᠴᠢᠬᠠᠨ᠎ᠠ᠂ ᠪᠦᠭᠦ ᠴᠡᠷᠢᠭ ᠤᠨ ᠬᠢᠨ ᠲᠠᠶᠢᠨ ᠳᠤ ᠪᠡᠯᠡᠳᠬᠡᠨ ᠵᠢᠵᠢᠭᠦᠷᠯᠡᠬᠦ ᠪᠠᠨ | ᠴᠢᠩᠭᠠᠳᠬᠠᠵᠤ᠂ ᠡᠯ᠎ᠡ ᠵᠦᠢᠯ ᠤᠨ ᠭᠠᠷᠴᠤ ᠮᠡᠳᠡᠬᠦ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠤᠯᠤᠰ ᠤᠨ ᠠᠮᠤᠷ | ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ ᠰᠠᠶᠢᠲᠤᠷ ᠬᠠᠮᠠᠭᠠᠯᠠᠵᠤ᠂ ᠪᠦᠭᠦ ᠤᠯᠤᠰ ᠤᠨ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ᠂ ᠠᠮᠤᠷ ᠠᠮᠤᠭᠤᠯᠠᠩ᠂ | ᠡᠪ ᠨᠠᠶᠢᠷᠲᠠᠢ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠠᠩᠬᠠᠷᠴᠤ᠂ ᠳᠠᠷᠤᠭ᠎ᠠ ᠪᠠᠶᠢᠯᠳᠤᠭᠴᠢᠳ ᠤᠨ | ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠢᠳᠤᠷᠠᠯ ᠢ ᠰᠠᠶᠢᠲᠤᠷ ᠲᠣᠬᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠠᠩ ᠶᠢᠦ ᠰᠢᠶᠠ ᠨᠠᠷ ᠠᠵᠢᠯᠯᠠᠭ᠎ᠠ ᠳᠤ ᠣᠷᠣᠯᠴᠠᠵᠠᠢ᠃ |