ᠰᠢᠨᠬᠤᠸᠠ ᠬᠤᠷᠢᠶ᠎ᠠ ᠶᠢᠨ ᠮᠦᠭᠳᠡᠨ ᠤ 1 ᠰᠠᠷ᠎ᠠ ᠶᠢᠨ 24 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠴᠠᠭᠠᠨ ᠰᠠᠷ᠎ᠠ | ᠤᠳᠠᠯ ᠦᠭᠡᠢ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠬᠢᠷ ᠬᠦᠢᠲᠡᠨ ᠢ ᠰᠥᠷᠦᠨ ᠯᠢᠶᠣᠤᠨᠢᠩ ᠳᠤ ᠬᠦᠷᠴᠦ᠂ | ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠣᠨ | ᠰᠢᠶᠠᠩᠭᠠᠩ ᠤᠨ ᠠᠬ᠎ᠠ ᠳᠡᠭᠦᠦ᠂ ᠣᠣᠮᠧᠨ ᠤ ᠠᠬ᠎ᠠ ᠳᠡᠭᠦᠦ᠂ ᠲᠠᠶᠢᠸᠠᠨ ᠤ ᠠᠬ᠎ᠠ ᠳᠡᠭᠦᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ | ᠰᠢᠨ᠎ᠡ ᠶᠢᠨ ᠮᠡᠨᠳᠦ ᠬᠦᠷᠭᠡᠪᠡ︕ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ | ᠠᠵᠢᠯ ᠦᠢᠯᠡᠰ ᠢᠯᠭᠤᠮ ᠤᠷᠤᠭᠰᠢᠲᠠᠢ᠂ ᠭᠡᠷ ᠬᠤᠲᠠᠯᠠᠭᠠᠷ ᠵᠣᠯ ᠵᠢᠷᠭᠠᠯ ᠲᠠᠢ᠂ ᠮᠣᠭᠠᠢ ᠵᠢᠯ ᠳᠤ ᠥᠯᠵᠡᠢ ᠪᠡᠯᠭᠡ ᠲᠠᠢ ᠪᠠᠶᠢᠬᠤ ᠶᠢ ᠵᠥᠩᠨᠡᠪᠡ︕ ᠠᠭᠤᠤ ᠶᠡᠭᠡ | ᠡᠬᠡ ᠤᠯᠤᠰ ᠲᠦᠷᠦ ᠲᠦᠪᠰᠢᠨ ᠲᠦᠮᠡᠨ ᠠᠮᠤᠭᠤᠯᠠᠩ᠂ ᠬᠤᠷ᠎ᠠ ᠪᠣᠷᠣᠭᠠᠨ ᠲᠡᠭᠰᠢ᠂ ᠴᠡᠴᠡᠭᠯᠡᠨ ᠬᠥᠭᠵᠢᠬᠦ ᠶᠢ ᠵᠥᠩᠨᠡᠪᠡ︕ | | | | | 1 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠧᠩ ᠪᠣᠯᠣᠨ | ᠮᠤᠵᠢ ᠶᠢᠨ ᠳᠠᠷᠤᠭ᠎ᠠ ᠯᠢ ᠯᠧ ᠴᠧᠩ ᠤᠨ ᠪᠠᠷ᠎ᠠ ᠪᠤᠯᠤᠯᠭ᠎ᠠ ᠲᠠᠢ ᠪᠠᠷ ᠬᠤᠯᠤ ᠠᠷᠠᠯ᠂ ᠮᠦᠭᠳᠡᠨ᠂ ᠪᠧᠨ᠋ᠰᠢ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ | ᠵᠠᠬ᠎ᠠ ᠳᠡᠯᠭᠡᠭᠦᠷ᠂ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ | ᠨᠠᠮ ᠤᠨ ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠪᠣᠯᠣᠨ ᠵᠥᠩᠨᠡᠯ ᠢ ᠬᠦᠷᠭᠡᠪᠡ᠃ | | | | | 22 ᠤᠨ ᠦᠳᠡ ᠶᠢᠨ ᠬᠤᠶᠢᠨ᠎ᠠ᠂ ᠰᠢ ᠶᠢᠨ ᠫᠢᠩ ᠬᠤᠯᠤ ᠠᠷᠠᠯ ᠬᠤᠳᠠ ᠳᠤ ᠬᠦᠷᠴᠦ᠂ ᠮᠠᠰᠢᠨ ᠲᠡᠷᠭᠡ ᠪᠠᠷ ᠴᠠᠭ ᠰᠢᠬᠠᠮ ᠶᠠᠪᠤᠭᠠᠳ ᠰᠦᠢ ᠵᠦᠩ | ᠰᠢᠶᠠᠨ ᠤ ᠮᠢᠩ ᠱᠦᠢ ᠶᠢᠨ ᠮᠠᠨᠵᠤ ᠦᠨᠳᠦᠰᠦᠲᠡᠨ ᠤ ᠰᠢᠶᠠᠩ ᠤᠨ ᠵᠦ ᠵᠢᠶᠠ ᠭᠧᠦ ᠲᠣᠰᠬᠤᠨ ᠳᠤ ᠭᠦᠷᠪᠡ᠃ ᠨᠢᠳᠤᠨᠤᠨ ᠤ 8 ᠰᠠᠷ᠎ᠠ ᠳᠤ ᠠᠳᠡ ᠬᠦᠨᠳᠦ | ᠨᠣᠴᠢᠲᠠᠢ ᠦᠶᠡᠷ ᠤᠨ ᠭᠠᠮᠰᠢᠭ ᠪᠣᠯᠵᠤ᠂ ᠡᠪᠦᠯ ᠪᠤᠯᠬᠤ ᠠᠴᠠ ᠡᠮᠦᠨ᠎ᠡ 41 ᠡᠷᠦᠭᠡ ᠲᠣᠰᠬᠤᠨ ᠤ ᠠᠷᠠᠳ ᠳᠠᠭᠢᠨ ᠪᠠᠶᠢᠭᠤᠯᠤᠭᠰᠠᠨ ᠰᠢᠨ᠎ᠡ ᠰᠠᠭᠤᠴᠠ ᠳᠤ ᠨᠡᠭᠦᠨ | ᠣᠷᠣᠵᠠᠢ᠃ ᠰᠢ ᠶᠢᠨ ᠫᠢᠩ ᠲᠣᠰᠬᠤᠨ ᠤ ᠵᠠᠬ᠎ᠠ ᠳᠤ ᠭᠠᠮᠰᠢᠭᠳᠠᠭᠰᠠᠨ ᠣᠷᠣᠨ ᠢ ᠪᠠᠶᠢᠴᠠᠭᠠᠨ ᠦᠵᠡᠵᠦ᠂ ᠲᠤᠬᠠᠢ ᠶᠢᠨ ᠦᠶ᠎ᠡ ᠶᠢᠨ ᠭᠡᠷ ᠪᠠᠶᠢᠰᠢᠩ ᠤᠰᠤᠨ ᠳᠤ | ᠠᠪᠲᠠᠭᠳᠠᠭᠰᠠᠨ ᠪᠠ ᠲᠣᠰᠬᠤᠨ ᠤ ᠠᠷᠠᠳ ᠢ ᠰᠢᠯᠵᠢᠭᠦᠯᠦᠭᠰᠡᠨ ᠪᠠᠶᠢᠳᠠᠯ ᠢ ᠨᠠᠷᠢᠨ ᠠᠰᠠᠭᠤᠵᠤ᠂ ᠲᠠᠷᠠᠭ᠎ᠠ ᠨᠢ ᠲᠣᠰᠬᠤᠨ ᠤ ᠨᠠᠮ ᠤᠨ ᠭᠡᠰᠢᠭᠦᠨ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠸᠢᠳᠢᠤ᠋᠂ ᠦᠵᠡᠭᠦᠯᠭᠡ ᠶᠢᠨ ᠰᠠᠮᠪᠠᠷ᠎ᠠ ᠠᠴᠠ ᠭᠠᠮᠰᠢᠭ ᠤᠨ ᠳᠠᠷᠠᠭᠠᠬᠢ ᠰᠡᠷᠭᠦᠭᠡᠨ ᠪᠦᠲᠦᠭᠡᠨ ᠪᠠᠶᠢᠭᠤᠯᠤᠭᠰᠠᠨ | ᠠᠬᠢᠴᠠ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠺᠠᠳ᠋ᠷ ᠢ ᠡᠷᠬᠡᠪᠰᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠰᠠᠶᠢᠲᠤᠷ ᠲᠣᠬᠢᠷᠠᠭᠤᠯᠵᠤ᠂ ᠳᠤᠯᠠᠭᠠᠬᠠᠨ | ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ | | | | | ᠪᠢᠯᠢᠭ ᠤᠨ ᠤᠯᠠᠷᠢᠯ ᠤᠨ ᠯᠠ ᠰᠠᠷ᠎ᠠ ᠶᠢᠨ ᠬᠤᠷᠢᠨ ᠭᠤᠷᠪᠠᠨ ᠪᠣᠯᠬᠤᠷ ᠠᠶᠢᠯ ᠡᠷᠦᠭᠡ ᠪᠣᠯᠭᠠᠨ ᠬᠤᠣᠰ ᠤᠶᠠᠩᠭ᠎ᠠ ᠬᠠᠶᠢᠴᠢᠯᠠᠮᠠᠯ ᠨᠠᠭᠠᠵᠠᠢ᠃ ᠰᠢ ᠶᠢᠨ ᠫᠢᠩ | ᠤᠷᠢᠳ ᠬᠤᠵᠢᠳ ᠲᠣᠰᠬᠤᠨ ᠤ ᠠᠷᠠᠳ ᠵᠦ ᠰᠢ ᠼᠦᠨ᠂ ᠸᠠᠩ ᠪᠦᠦ ᠸᠧᠢ ᠶᠢᠨ ᠭᠡᠷ ᠲᠤ ᠬᠦᠷᠴᠦ᠂ ᠭᠡᠷ ᠪᠠᠶᠢᠰᠢᠩ ᠤᠨ ᠪᠦᠲᠦᠴᠡ ᠶᠠᠰᠤ ᠴᠢᠨᠠᠷ ᠪᠣᠯᠣᠨ ᠴᠠᠭᠠᠨ | ᠰᠠᠷ᠎ᠠ ᠶᠢᠨ ᠪᠠᠷᠠᠭ᠎ᠠ ᠪᠠᠨ ᠪᠡᠯᠡᠳᠬᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠵᠠᠰᠠᠭ ᠤᠨ ᠣᠷᠳᠣᠨ ᠤ ᠳᠠᠭᠢᠨ ᠪᠠᠶᠢᠭᠤᠯᠤᠭᠰᠠᠨ ᠭᠡᠷ ᠪᠠᠶᠢᠰᠢᠩ ᠤᠨ ᠨᠥᠬᠦᠪᠦᠷᠢ ᠶᠢ | ᠣᠯᠣᠭᠰᠠᠨ ᠡᠰᠡᠬᠦ᠂ ᠲᠣᠰᠬᠤᠨ ᠤ ᠠᠷᠠᠳ ᠤᠨ ᠣᠷᠣᠯᠭ᠎ᠠ ᠭᠤᠣᠯᠳᠠᠭᠤ ᠬᠠᠮᠢᠭ᠎ᠠ ᠠᠴᠠ ᠢᠷᠡᠯ ᠲᠠᠢ ᠶᠢ ᠣᠶᠢᠯᠠᠭᠠᠪᠠ᠃ ᠸᠠᠩ ᠪᠦᠦ ᠸᠧᠢ ᠶᠢᠨ ᠬᠢᠨ ᠲᠠᠢ ᠬᠠᠮᠲᠤ | ᠰᠠᠭᠤᠵᠤ ᠪᠠᠶᠢᠬᠤ ᠳᠤ᠂ ᠸᠠᠩ ᠪᠦᠦ ᠸᠧᠢ ᠶᠡᠷᠦᠩᠬᠡᠢ ᠱᠦᠵᠢ ᠳᠤ᠂ ᠰᠢᠨ᠎ᠡ ᠭᠡᠷ ᠰᠠᠷᠠᠭᠤᠯ ᠠᠭᠤᠵᠢᠮ ᠳᠤᠯᠠᠭᠠᠬᠠᠨ ᠪᠠᠶᠢᠨ᠎ᠠ᠂ ᠴᠠᠭᠠᠨ ᠰᠠᠷ᠎ᠠ ᠶᠢᠨ ᠪᠠᠷᠠᠭ᠎ᠠ ᠪᠠᠨ | ᠪᠦᠭᠦᠨ ᠢ ᠪᠡᠯᠡᠳᠬᠡᠵᠡᠢ᠂ ᠪᠦᠭᠦ ᠲᠣᠰᠬᠤᠨ ᠤ ᠬᠥᠮᠥᠰ ᠴᠢᠩ ᠰᠡᠳᠬᠢᠯ ᠠᠴᠠ ᠪᠠᠨ ᠨᠠᠮ ᠳᠤ ᠲᠠᠯᠠᠷᠬᠠᠵᠤ᠂ ᠶᠡᠷᠦᠩᠬᠡᠢ ᠱᠦᠵᠢ ᠳᠤ ᠲᠠᠯᠠᠷᠬᠠᠵᠤ ᠪᠠᠶᠢᠨ᠎ᠠ ᠭᠡᠵᠦ | ᠬᠡᠯᠡᠪᠡ᠃ ᠰᠢ ᠶᠢᠨ ᠫᠢᠩ ᠲᠡᠭᠦᠨ ᠠᠴᠠ ᠪᠠᠰᠠ ᠶᠠᠮᠠᠷ ᠱᠠᠭᠠᠷᠳᠠᠯᠭ᠎ᠠ ᠪᠠ ᠬᠦᠰᠡᠯ ᠡᠷᠡᠮᠡᠯᠵᠡᠯ ᠪᠠᠶᠢᠬᠤ ᠪᠤᠢ ᠭᠡᠵᠦ ᠠᠰᠠᠭᠤᠬᠤ ᠳᠤ᠂ ᠲᠡᠷᠡ᠂ ᠠᠮᠢᠳᠤᠷᠠᠯ ᠨᠡᠩ | ᠰᠠᠶᠢᠨ ᠰᠠᠶᠢᠬᠠᠨ ᠪᠤᠯᠬᠤ ᠶᠢ ᠬᠦᠰᠡᠵᠦ ᠪᠠᠶᠢᠨ᠎ᠠ ᠭᠡᠪᠡ᠃ ᠰᠢ ᠶᠢᠨ ᠫᠢᠩ᠂ ᠲᠠ ᠨᠠᠷ ᠤᠨ ᠬᠦᠰᠡᠯ ᠡᠷᠡᠮᠡᠯᠵᠡᠯ ᠪᠣᠯ ᠪᠢᠳᠡᠨ ᠤ ᠬᠦᠰᠡᠯ ᠡᠷᠡᠮᠡᠯᠵᠡᠯ ᠮᠥᠨ᠂ ᠨᠠᠮ ᠪᠠ | ᠵᠠᠰᠠᠭ ᠤᠨ ᠣᠷᠳᠣᠨ ᠪᠣᠯ ᠬᠡᠵᠢᠶᠡᠳᠡ ᠠᠷᠠᠳ ᠣᠯᠠᠨ ᠤ ᠬᠦᠴᠦᠷᠬᠡᠭ ᠶᠡᠭᠡ ᠲᠦᠰᠢᠭ ᠮᠥᠨ ᠭᠡᠵᠦ ᠲᠡᠭᠦᠨ ᠳᠤ ᠪᠠᠶᠠᠷᠲᠠᠶᠢᠬᠠᠨ ᠬᠡᠯᠡᠪᠡ᠃ | | | | | ᠲᠣᠰᠬᠤᠨ ᠠᠴᠠ ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠤᠳ ᠶᠡᠷᠦᠩᠬᠡᠢ ᠱᠦᠵᠢ ᠲᠠᠢ ᠮᠡᠨᠳᠦᠴᠢᠯᠡᠵᠡᠭᠡᠵᠦ᠂ ᠠᠯᠠᠭ᠎ᠠ ᠲᠡᠰᠢᠯᠲᠡ ᠶᠢᠨ ᠲᠠᠭᠤᠨ᠂ | ᠪᠠᠶᠠᠷᠯᠠᠨ ᠬᠥᠭᠡᠷᠦᠯᠳᠦᠬᠦ ᠲᠠᠭᠤᠨ ᠵᠢᠵᠢᠭ ᠠᠭᠤᠯᠠᠨ ᠲᠣᠰᠬᠤᠨ ᠳᠤ ᠴᠤᠤᠷᠢᠶᠠᠲᠤᠪᠠ᠃ ᠰᠢ ᠶᠢᠨ ᠫᠢᠩ ᠨᠤᠲᠤᠭ ᠤᠨ ᠠᠬ᠎ᠠ ᠳᠡᠭᠦᠦ ᠨᠠᠷ ᠲᠤ᠂ ᠨᠢᠳᠤᠨᠤᠨ ᠠᠴᠠ | ᠨᠠᠭᠠᠰᠢ ᠲᠠᠨ ᠤ ᠠᠳᠡᠬᠢ ᠶᠢ ᠪᠠᠭᠲᠠᠭᠠᠭᠰᠠᠨ ᠮᠠᠨ ᠤ ᠤᠯᠤᠰ ᠤᠨ ᠵᠠᠷᠢᠮ ᠭᠠᠵᠠᠷ ᠣᠷᠣᠨ ᠪᠠᠶᠢᠭᠠᠯᠢ ᠶᠢᠨ ᠭᠠᠮᠰᠢᠭ ᠲᠤ ᠤᠴᠠᠷᠠᠪᠠ᠃ ᠮᠠᠨ ᠤ ᠨᠠᠮ ᠠᠷᠠᠳ | ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠴᠢᠬᠤᠯᠠ ᠶᠡᠭᠡ | ᠢᠯᠠᠯᠲᠠ ᠣᠯᠪᠠ᠃ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠪᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠭᠠᠮᠰᠢᠭᠳᠠᠭᠰᠠᠨ ᠣᠯᠠᠨ ᠲᠦᠮᠡᠨ | ᠪᠣᠯᠣᠨ ᠭᠠᠮᠰᠢᠭ ᠤᠨ ᠳᠠᠷᠠᠭ᠎ᠠ ᠰᠡᠷᠭᠦᠭᠡᠨ ᠪᠦᠲᠦᠭᠡᠨ ᠪᠠᠶᠢᠭᠤᠯᠬᠤ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠭᠰᠡᠨ ᠺᠠᠳ᠋ᠷ ᠣᠯᠠᠨ ᠲᠦᠮᠡᠨ ᠳᠤ ᠴᠢᠩ | ᠰᠡᠳᠬᠢᠯ ᠤᠨ ᠲᠣᠬᠤᠨᠢᠭᠤᠯᠤᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ ᠪᠠᠶᠢᠨ᠎ᠠ ᠭᠡᠵᠡᠢ᠃ | | | | ᠮᠦᠭᠳᠡᠨ ᠤ ᠳ᠋ᠡ ᠳ᠋ᠦᠩ ᠬᠤᠯᠢᠰᠢᠨ ᠢᠳᠡᠭᠡᠨ ᠤ ᠳᠡᠯᠭᠡᠭᠦᠷ ᠥᠨᠢ ᠤᠳᠠᠭᠠᠨ ᠲᠡᠦᠬᠡ ᠲᠠᠢ᠂ ᠥᠪᠡᠷᠮᠢᠴᠡ ᠣᠨᠴᠠᠯᠢᠭ ᠲᠠᠢ ᠰᠢᠨ᠎ᠡ ᠶᠢᠨ ᠪᠠᠷᠠᠭ᠎ᠠ ᠶᠢ ᠬᠠᠷᠠᠭ᠎ᠠ | ᠳᠦᠭᠦᠷᠡᠩ ᠥᠷᠥᠵᠡᠢ᠃ 23 ᠤ ᠦᠳᠡ ᠶᠢᠨ ᠡᠮᠦᠨ᠎ᠡ᠂ ᠰᠢ ᠶᠢᠨ ᠫᠢᠩ ᠠᠳᠡ ᠢᠷᠡᠵᠦ᠂ ᠤᠯᠠᠨ ᠳᠡᠯᠭᠡᠭᠦᠷ ᠢ ᠪᠠᠶᠢᠴᠠᠭᠠᠨ ᠦᠵᠡᠵᠦ᠂ ᠳᠡᠯᠭᠡᠭᠦᠷ ᠤᠨ ᠡᠵᠡᠨ | ᠪᠣᠯᠣᠨ ᠵᠣᠴᠢᠳ ᠲᠠᠢ ᠪᠠᠶᠢᠨ ᠲᠠᠭᠢᠨ ᠶᠠᠷᠢᠯᠴᠠᠵᠤ᠂ ᠪᠠᠶᠠᠷ ᠤᠨ ᠡᠳᠦᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ | ᠃ ᠤᠯᠠᠨ ᠢᠶᠠᠷ ᠢᠶᠠᠨ ᠶᠡᠷᠦᠩᠬᠡᠢ ᠱᠦᠵᠢ ᠲᠠᠢ ᠠᠭᠤᠯᠵᠠᠭᠠᠳ ᠮᠠᠰᠢ ᠳᠣᠭᠳᠣᠯᠵᠤ᠂ ︽ᠶᠡᠷᠦᠩᠬᠡᠢ ᠱᠦᠵᠢ ᠰᠠᠶᠢᠨ ᠪᠠᠶᠢᠨ᠎ᠠ ᠦᠦ︾ ᠭᠡᠵᠦ ᠪᠠᠶᠠᠷᠯᠠᠯᠳᠤᠨ ᠬᠠᠰᠬᠢᠷᠪᠠ︕ | ᠰᠢ ᠶᠢᠨ ᠫᠢᠩ ︽ᠢᠳᠡᠰᠢᠨ ᠨᠣᠭᠤᠭ᠎ᠠ︾᠂ ︽ᠠᠮᠤ ᠪᠤᠳᠠᠭ᠎ᠠ︾᠂ ︽ᠭᠤᠸ᠎ᠠ ᠵᠢᠮᠢᠰ︾ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠤᠳᠤ ᠡᠳ᠋ | ᠪᠣᠳᠠᠰ ᠡᠯᠪᠡᠭ ᠳᠡᠯᠪᠡᠭ ᠪᠣᠯᠵᠤ ᠪᠠᠶᠢᠨ᠎ᠠ᠂ ᠴᠠᠭᠠᠨ ᠰᠠᠷ᠎ᠠ ᠶᠢᠨ ᠵᠣᠯᠭᠠᠯᠲᠠ ᠳᠤ ᠤᠯᠠᠨ ᠲᠦᠮᠡᠨ ᠤ ᠨᠡᠩ ᠰᠠᠶᠢᠨ ᠢᠳᠡᠵᠦ ᠡᠷᠡᠭᠦᠯ ᠬᠤᠭᠤᠯᠠᠯᠠᠬᠤ ᠶᠢ ᠪᠠᠲᠤᠯᠠᠬᠤ | ᠬᠡᠷᠡᠭᠲᠡᠢ ᠭᠡᠵᠦ ᠤᠯᠠᠨ ᠳᠤ ᠬᠡᠯᠡᠪᠡ᠃ | | | | | ᠳᠠᠷᠠᠭ᠎ᠠ ᠨᠢ᠂ ᠰᠢ ᠶᠢᠨ ᠫᠢᠩ ᠲᠥᠪᠯᠡᠷᠡᠭᠦᠯᠦᠨ ᠥᠭᠡᠷᠡᠴᠢᠯᠡᠨ ᠪᠠᠶᠢᠭᠤᠯᠤᠭᠰᠠᠨ ᠳ᠋ᠠ ᠳ᠋ᠦᠩ ᠲᠣᠭᠤᠷᠢᠭ ᠤᠨ ᠴᠠᠩ ᠠᠨ ᠵᠡᠭᠡᠯᠢ ᠭᠤᠳᠤᠮᠵᠢ ᠶᠢᠨ ᠴᠠᠩ ᠠᠨ | ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠳᠥᠷᠪᠡᠨ ᠦᠶ᠎ᠡ ᠪᠠᠷ ᠢᠶᠠᠨ ᠬᠠᠮᠲᠤ ᠠᠮᠢᠳᠤᠷᠠᠵᠤ ᠪᠠᠶᠢᠭ᠎ᠠ ᠯᠠᠩ ᠰᠦ᠋ ᠯᠠᠨ ᠤ ᠬᠢᠨ ᠳᠤ ᠬᠦᠷᠴᠦ ᠪᠣᠯᠭᠤᠭᠠᠨ | ᠦᠵᠡᠪᠡ᠃ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠤ ᠳᠠᠷᠠᠭ᠎ᠠ ᠣᠷᠣᠨ ᠰᠠᠭᠤᠴᠠ ᠶᠢᠨ ᠣᠷᠴᠢᠨ ᠲᠣᠭᠤᠷᠢᠨ ᠢᠯᠡᠳᠲᠡ | ᠰᠠᠶᠢᠵᠢᠷᠠᠵᠤ᠂ ᠡᠯ᠎ᠡ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠤᠭᠰᠠᠨ ᠢ ᠣᠶᠢᠯᠠᠭᠠᠵᠤ ᠮᠡᠳᠡᠭᠡᠳ ᠰᠢ ᠶᠢᠨ ᠫᠢᠩ ᠨᠤᠲᠠᠯᠠᠵᠤ ᠪᠠᠶᠢᠬᠤ ᠪᠠᠨ | ᠢᠯᠡᠳᠬᠡᠪᠡ᠃ ᠲᠡᠷᠡ᠂ ᠬᠤᠳᠠ ᠶᠢᠨ ᠰᠢᠨᠡᠴᠢᠯᠡᠯᠲᠡ ᠶᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠲᠠᠢ ᠤᠶᠠᠯᠳᠤᠭᠤᠯᠵᠤ᠂ ᠠᠯᠢᠪᠠ ᠪᠦᠭᠦᠨ ᠳᠤ ᠠᠷᠠᠳ ᠲᠤ ᠲᠦᠭᠦᠮ ᠦᠵᠡᠭᠦᠯᠭᠦ᠂ ᠠᠷᠠᠳ ᠲᠤ ᠠᠰᠢᠭ ᠬᠦᠷᠲᠡᠭᠡᠬᠦ᠂ ᠠᠷᠠᠳ ᠢ ᠠᠮᠤᠷᠵᠢᠭᠤᠯᠬᠤ ᠶᠢ | ᠠᠩᠬᠠᠷᠴᠤ᠂ ᠣᠨᠴᠠᠭᠠᠶᠢᠯᠠᠨ ︽ᠥᠲᠡᠭᠦᠰ ᠨᠢᠯᠬᠠᠰ︾ ᠢ ᠨᠡᠩ ᠰᠠᠶᠢᠲᠤᠷ ᠬᠠᠶᠢᠷᠠᠯᠠᠨ ᠬᠠᠯᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠵᠠᠷᠢᠮ ᠨᠡᠶᠢᠭᠡᠮ ᠲᠣᠭᠤᠷᠢᠭ ᠤᠨ ᠰᠠᠭᠤᠭᠠᠯᠢ ᠠᠷᠠᠳ | ᠬᠤᠣᠰ ᠤᠶᠠᠩᠭ᠎ᠠ ᠪᠢᠴᠢᠵᠦ᠂ ᠬᠡᠦᠬᠡᠳ ᠤᠳ ᠳᠤᠮᠳᠠᠳᠤ ᠤᠯᠤᠰ ᠤᠨ ᠵᠠᠩᠭᠢᠶ᠎ᠠ ᠵᠠᠩᠭᠢᠳᠴᠤ ᠪᠠᠶᠢᠯ᠎ᠠ᠃ ᠰᠢ ᠶᠢᠨ ᠫᠢᠩ ᠲᠡᠳᠡᠨ ᠤ ᠳᠤᠮᠳᠠ ᠬᠦᠷᠴᠦ᠂ ᠲᠡᠳᠡᠨ ᠤ | ᠪᠦᠲᠦᠭᠡᠯ ᠢ ᠪᠠᠶᠢᠨ ᠲᠡᠭᠢᠨ ᠮᠠᠭᠲᠠᠨ ᠰᠠᠶᠢᠰᠢᠶᠠᠵᠤ᠂ ᠲᠡᠳᠡᠨ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠠᠩ ᠰᠠᠶᠢᠲᠤᠷ ᠤᠯᠠᠮᠵᠢᠯᠠᠨ | ᠪᠠᠳᠠᠷᠠᠭᠤᠯᠤᠭᠠᠷᠠᠢ ᠭᠡᠵᠦ ᠵᠣᠷᠢᠭᠵᠢᠭᠤᠯᠪᠠ᠃ ᠰᠢ ᠶᠢᠨ ᠫᠢᠩ ᠪᠠᠰᠠ ᠨᠡᠶᠢᠭᠡᠮ ᠲᠣᠭᠤᠷᠢᠭ ᠤᠨ ᠠᠵᠢᠯ ᠠᠴᠠ ᠪᠠᠨ ᠠᠮᠠᠷᠠᠭᠰᠠᠳ ᠤᠨ ᠲᠣᠭᠯᠠᠭᠰᠠᠨ ᠯᠢᠩᠪᠤ ᠶᠢᠨ | ᠨᠠᠶᠢᠷᠠᠯ ᠬᠥᠭᠵᠢᠮ ᠢ ᠰᠣᠨᠢᠷᠬᠠᠪᠠ᠃ ᠲᠡᠷᠡ᠂ ᠴᠠᠭᠠᠨ ᠰᠠᠷ᠎ᠠ ᠪᠠᠨ ᠰᠠᠶᠢᠬᠠᠨ ᠥᠩᠭᠡᠷᠡᠭᠦᠯᠬᠦ ᠨᠢ ᠰᠢᠨ᠎ᠡ ᠵᠢᠯ ᠳᠤ ᠰᠠᠶᠢᠨ ᠰᠠᠶᠢᠬᠠᠨ ᠡᠭᠢᠯᠡᠯᠲᠡ ᠲᠠᠢ ᠪᠤᠯᠬᠤ ᠶᠢ | ᠬᠠᠷᠠᠭᠤᠯᠵᠤ ᠪᠠᠶᠢᠨ᠎ᠠ᠂ ᠠᠶᠢᠯ ᠪᠣᠯᠭᠠᠨ ᠵᠣᠯ ᠵᠢᠷᠭᠠᠯ ᠲᠠᠢ ᠠᠮᠢᠳᠤᠷᠠᠵᠤ᠂ ᠨᠠᠰᠤᠲᠠᠨ ᠵᠠᠯᠠᠭᠤ ᠪᠦᠭᠦᠳᠡᠭᠡᠷ ᠢᠶᠠᠨ ᠪᠠᠶᠠᠷ ᠪᠠᠶᠠᠰᠬᠤᠯᠠᠩ ᠲᠠᠢ ᠪᠠᠶᠢᠬᠤ ᠨᠢ ᠬᠥᠮᠥᠨ ᠤ | ᠶᠢᠷᠲᠢᠨᠴᠦ ᠶᠢᠨ ᠭᠤᠶᠢᠳᠠ ᠦᠵᠡᠮᠵᠢ ᠪᠣᠯᠣᠨ᠎ᠠ᠃ ᠪᠢᠳᠠ ᠬᠠᠮᠲᠤ ᠪᠠᠷ ᠴᠢᠷᠮᠠᠶᠢᠵᠤ᠂ ᠡᠨᠡ ᠬᠦ ᠦᠵᠡᠮᠵᠢ ᠶᠢ ᠤᠯᠠᠮ ᠠᠴᠠ ᠤᠯᠠᠮ ᠦᠵᠡᠰᠬᠦᠯᠡᠩᠲᠡᠢ ᠪᠤᠯᠭᠠᠬᠤ | ᠬᠡᠷᠡᠭᠲᠡᠢ ᠭᠡᠵᠦ ᠳᠠᠶᠠᠭᠠᠷ ᠲᠤ ᠭᠦᠨ ᠰᠡᠳᠬᠢᠯᠭᠡ ᠲᠠᠢ ᠬᠡᠯᠡᠪᠡ᠃ | ᠰᠠᠭᠤᠭᠠᠯᠢ ᠠᠷᠠᠳ ᠤᠨ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠢ ᠳᠤ᠂ ᠰᠠᠭᠤᠭᠠᠯᠢ ᠠᠷᠠᠳ ᠪᠠᠶᠠᠷ ᠭᠦᠷ ᠲᠠᠢ ᠪᠠᠷ ᠶᠠᠩᠭᠠᠷ ᠪᠥᠵᠢᠭᠯᠡᠨ᠎ᠡ᠃ ᠰᠢ ᠶᠢᠨ | ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠤᠯᠠᠨ ᠲᠠᠢ ᠰᠢᠨ᠎ᠡ ᠶᠢᠨ ᠵᠣᠯᠭᠠᠯᠲᠠ ᠬᠢᠪᠡ᠃ | | | | | | 23 ᠤ ᠦᠳᠡ ᠶᠢᠨ ᠬᠤᠶᠢᠨ᠎ᠠ᠂ ᠰᠢ ᠶᠢᠨ ᠫᠢᠩ ᠪᠧᠨ᠋ᠰᠢ ᠳᠤ ᠬᠦᠷᠴᠦ᠂ ᠠᠨᠱᠠᠨ ᠤ ᠪᠣᠯᠣᠳ ᠲᠡᠮᠦᠷ ᠤᠨ ᠪᠦᠯᠦᠭᠯᠡᠯ ᠳᠤ ᠬᠠᠷᠢᠶᠠᠯᠠᠭᠳᠠᠬᠤ ᠪᠧᠨ᠋ᠰᠢ ᠶᠢᠨ | ᠪᠣᠯᠣᠳ ᠬᠠᠪᠲᠠᠰᠤᠨ ᠤ ᠬᠦᠢᠲᠡᠨ ᠭᠡᠪᠰᠢᠭᠦᠯᠭᠡ ᠶᠢᠨ ᠶᠡᠷᠦᠩᠬᠡᠢ ᠦᠢᠯᠡᠳᠪᠦᠷᠢ ᠶᠢᠨ ᠭᠤᠷᠪᠠᠳᠤᠭᠠᠷ ᠬᠦᠢᠲᠡᠨ ᠭᠡᠪᠰᠢᠭᠦᠯᠭᠡ ᠶᠢᠨ ᠦᠢᠯᠡᠳᠪᠦᠷᠢ ᠶᠢ ᠰᠢᠨᠵᠢᠯᠡᠨ | ᠪᠠᠶᠢᠴᠠᠭᠠᠪᠠ᠃ ᠲᠡᠷᠡ ᠠᠵᠤ ᠠᠬᠤᠶᠢᠯᠠᠯ ᠤᠨ ᠲᠥᠪᠯᠡᠷᠡᠭᠦᠯᠦᠨ ᠡᠵᠡᠮᠳᠡᠬᠦ ᠲᠥᠪ ᠲᠤ ᠲᠥᠪᠯᠡᠷᠡᠭᠦᠯᠦᠨ ᠡᠵᠡᠮᠳᠡᠬᠦ ᠣᠶᠤᠨᠴᠢ ᠰᠢᠰᠲ᠋ᠧᠮ ᠤᠨ ᠠᠵᠢᠯᠯᠠᠭᠠᠨ ᠢ | ᠪᠠᠶᠢᠴᠠᠭᠠᠨ ᠦᠵᠡᠵᠦ᠂ ᠦᠢᠯᠡᠳᠪᠦᠷᠢ ᠶᠢᠨ ᠲᠠᠰᠤᠭ ᠲᠤ ᠬᠦᠢᠲᠡᠨ ᠢᠶᠠᠷ ᠬᠡᠪᠰᠢᠭᠦᠯᠬᠦ ᠠᠵᠢᠯ ᠤᠨ ᠳᠠᠷᠠᠭᠠᠯᠠᠯ᠂ ᠮᠡᠷᠭᠡᠵᠢᠯ ᠤᠨ ᠰᠢᠨ᠎ᠡ ᠡᠭᠦᠳᠦᠯᠲᠡ᠂ ᠦᠢᠯᠡᠳᠬᠦᠨ ᠤ | ᠴᠢᠳᠠᠪᠬᠢ ᠶᠢ ᠣᠶᠢᠯᠠᠭᠠᠬᠤ ᠶᠢᠨ ᠵᠡᠷᠭᠡ ᠪᠠᠷ ᠭᠦᠳᠡᠯᠮᠦᠷᠢ ᠶᠢᠨ ᠵᠢᠱᠢᠶᠡᠴᠢ᠂ ᠵᠠᠯᠠᠭᠤ ᠮᠡᠷᠭᠡᠵᠢᠯ ᠤᠨ ᠭᠤᠣᠯᠯᠠᠭᠴᠢ᠂ ᠨᠢᠭᠡᠳᠦᠭᠡᠷ ᠹᠷᠣᠨᠲ ᠤᠨ ᠠᠵᠢᠯᠲᠠᠨ | ᠠᠵᠢᠯᠴᠢᠨ ᠤ ᠲᠥᠯᠥᠭᠡᠯᠡᠭᠴᠢ ᠶᠢ ᠳᠣᠲᠣᠨᠣ ᠪᠠᠷ ᠪᠣᠯᠭᠤᠭᠠᠨ ᠦᠵᠡᠪᠡ᠃ ᠰᠢ ᠶᠢᠨ ᠫᠢᠩ᠂ ᠦᠢᠯᠡᠳᠬᠦ ᠦᠢᠯᠡᠰ ᠤᠨ ᠬᠢᠨ ᠳᠡᠭᠡᠳᠦ ᠲᠦᠪᠰᠢᠨᠴᠢᠯᠡᠭᠰᠡᠨ᠂ | ᠣᠶᠤᠨᠴᠢᠯᠠᠭᠰᠠᠨ᠂ ᠪᠣᠬᠢᠷᠳᠤᠯ ᠦᠭᠡᠢ ᠪᠤᠯᠭᠠᠬᠤ ᠴᠢᠭᠯᠡᠯ ᠢ ᠪᠠᠷᠢᠮᠲᠠᠯᠠᠵᠤ᠂ ᠦᠢᠯᠡᠳᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠣᠯᠣᠨ | ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠨᠱᠠᠨ ᠤ ᠪᠣᠯᠣᠳ ᠲᠡᠮᠦᠷ ᠤᠨ ᠪᠦᠯᠦᠭᠯᠡᠯ ᠺᠤᠮᠫᠠᠨᠢ ᠰᠢᠭ᠋ ᠤᠯᠤᠰ ᠤᠨ ᠥᠮᠴᠢᠯᠡᠯ ᠤᠨ ᠲᠣᠮᠣ ᠠᠵᠤ | ᠠᠬᠤᠶᠢᠯᠠᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | | | | | | 24 ᠤ ᠦᠳᠡ ᠶᠢᠨ ᠡᠮᠦᠨ᠎ᠡ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠯᠢᠶᠣᠤᠨᠢᠩ ᠤᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ | ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠬᠤ ᠲᠠᠯ᠎ᠠ ᠪᠠᠷ ᠵᠣᠷᠢᠭᠲᠠᠢ ᠪᠠᠷ ᠲᠡᠷᠢᠭᠦᠨ ᠤ ᠬᠢ | ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠢᠶᠣᠤᠨᠢᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ | ᠯᠢᠶᠣᠤᠨᠢᠩ ᠤᠨ ᠬᠢᠨ ᠳᠤ ᠬᠦᠰᠡᠪᠡ᠃ | ᠰᠢ ᠶᠢᠨ ᠫᠢᠩ᠂ ᠯᠢᠶᠣᠤᠨᠢᠩ ᠤᠨ ᠠᠵᠤ ᠦᠢᠯᠡᠳᠪᠦᠷᠢ ᠶᠢᠨ ᠰᠢᠰᠲ᠋ᠧᠮ ᠨᠡᠯᠢᠶᠡᠳ ᠪᠦᠷᠢᠨ ᠲᠡᠭᠦᠯᠳᠡᠷ ᠪᠠᠶᠢᠵᠤ᠂ ᠤᠯᠠᠮᠵᠢᠯᠠᠯᠲᠤ ᠠᠵᠤ ᠦᠢᠯᠡᠰ ᠤᠨ | ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠤᠯᠠᠮᠵᠢᠯᠠᠯᠲᠤ ᠠᠵᠤ ᠦᠢᠯᠡᠰ ᠤᠨ ᠲᠠᠯ᠎ᠠ ᠪᠠᠷ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢᠨ ᠭᠤᠣᠯᠳᠠᠯᠭ᠎ᠠ ᠨᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠣᠨ᠎ᠠ᠃ ᠬᠥᠭᠵᠢᠯᠲᠡ ᠶᠢᠨ ᠡᠭᠦᠷᠭᠡ ᠬᠡᠳᠦᠢ ᠬᠦᠨᠳᠦ ᠪᠤᠯᠬᠤ | ᠲᠤᠳᠤᠮ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠳᠦᠢ ᠴᠢᠬᠤᠯᠠᠴᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠡᠴᠦᠰ ᠤᠨ ᠡᠴᠦᠰ ᠲᠡᠭᠡᠨ ᠥᠭᠡᠷᠡᠴᠢᠯᠡᠯᠲᠡ ᠨᠡᠭᠡᠭᠡᠯᠲᠡ ᠳᠤ | ᠲᠦᠰᠢᠭᠯᠡᠨ᠎ᠡ᠃ ᠥᠭᠡᠷᠡᠴᠢᠯᠡᠯᠲᠡ ᠶᠢ ᠠᠳᠬᠤᠬᠤ ᠳᠤ ᠤᠯᠠᠮ ᠨᠢᠭᠡ ᠠᠯᠬᠤᠮ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠲᠣᠪᠤᠶᠢᠯᠭᠠᠨ᠂ | ᠬᠦᠴᠢᠷᠳᠡᠯ ᠢ ᠰᠢᠢᠳᠪᠦᠷᠢᠯᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ | ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ | ᠠᠬᠤᠶᠢᠯᠠᠯ ᠤᠨ ᠪᠠᠶᠢᠭᠤᠯᠤᠯ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠢᠯᠡᠭᠦᠬᠡᠨ ᠬᠦᠴᠦ ᠣᠷᠣᠭᠤᠯᠬᠤ ᠬᠡᠷᠡᠭᠲᠡᠢ᠃ ᠤᠳᠤ ᠮᠠᠨ ᠤ ᠤᠯᠤᠰ ᠨᠡᠭᠡᠭᠡᠯᠲᠡ ᠬᠢᠬᠦ | ᠡᠭᠦᠳᠡ ᠪᠠᠨ ᠶᠠᠪᠤᠬᠤ ᠲᠤᠳᠤᠮ ᠶᠡᠭᠡ ᠨᠡᠭᠡᠭᠡᠵᠦ ᠪᠠᠶᠢᠨ᠎ᠠ᠂ ᠡᠯ᠎ᠡ ᠱᠠᠲᠤᠨ ᠤ ᠺᠠᠳ᠋ᠷᠴᠤᠳ ᠨᠡᠭᠡᠭᠡᠯᠲᠡ ᠬᠢᠬᠦ ᠨᠥᠬᠦᠴᠡᠯ ᠳᠣᠣᠷ᠎ᠠ ᠠᠰᠠᠭᠤᠳᠠᠯ ᠢ ᠪᠣᠳᠣᠯᠬᠢᠯᠠᠬᠤ᠂ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠯᠢᠶᠣᠤᠨᠢᠩ ᠤᠨ ᠬᠥᠳᠡᠭᠡ ᠠᠵᠤ ᠠᠬᠤᠢ ᠶᠢᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ ᠨᠡᠯᠢᠶᠡᠳ ᠰᠠᠶᠢᠨ ᠪᠠᠶᠢᠵᠤ᠂ ᠬᠤᠳᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠮᠠᠶ᠋ᠢᠭ ᠤᠨ ᠬᠤᠳᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠶᠠᠨ ᠰᠢᠶᠠᠩ ᠲᠣᠰᠬᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ | ᠪᠣᠯᠣᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠳᠤ ᠪᠣᠳᠠᠲᠠᠢ ᠲᠠᠢ | ᠤᠶᠠᠯᠳᠤᠭᠤᠯᠤᠨ ᠭᠠᠷᠳᠠᠴᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠬᠠᠷᠢᠭᠤᠴᠠᠯᠭ᠎ᠠ ᠶᠢ ᠲᠣᠳᠣᠷᠬᠠᠶᠢᠯᠠᠵᠤ | ᠂ ᠲᠤᠭᠤᠰᠢᠲᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠦᠨᠡᠨ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠳᠤ ᠡᠯ᠎ᠡ ᠱᠠᠲᠤᠨ ᠤ ᠬᠢᠨ ᠴᠥᠮ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠰᠣᠶᠣᠯ ᠤᠨ ᠤᠤᠭᠠᠯ ᠡᠭᠦᠳᠦᠯᠲᠡ ᠶᠢᠨ | ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠨᠡᠩ ᠤᠯᠠᠨ ᠰᠣᠳᠣᠨ ᠪᠦᠲᠦᠭᠡᠯ ᠭᠠᠷᠭᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠰᠣᠶᠣᠯ ᠢᠶᠠᠷ ᠬᠥᠮᠥᠰ ᠤᠨ ᠰᠡᠳᠬᠢᠯ ᠢ ᠨᠡᠩ ᠰᠠᠶᠢᠨ ᠨᠢᠭᠲᠠᠷᠠᠭᠤᠯᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠢᠲᠡᠭᠡᠯ ᠵᠣᠷᠢᠭ ᠢ | ᠪᠠᠲᠤᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠥᠭᠵᠢᠭᠦᠯᠦᠨ ᠮᠠᠨᠳᠤᠭᠤᠯᠬᠤ ᠣᠷᠭᠢᠯᠤᠮ᠎ᠠ ᠰᠡᠳᠬᠢᠯᠭᠡ | ᠪᠣᠯᠣᠨ ᠲᠡᠮᠡᠴᠡᠯ ᠤᠨ ᠵᠣᠷᠢᠭ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠷᠬᠡᠪᠰᠢ ᠨᠠᠮ ᠤᠨ ᠤᠳᠤᠷᠢᠳᠤᠯᠭ᠎ᠠ ᠶᠢ ᠤᠬᠳᠤ ᠭᠤᠶᠢᠪᠢᠰᠢ ᠦᠭᠡᠢ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ | ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠪᠤᠶ ᠪᠣᠯᠭᠠᠨ ᠪᠠᠲᠤᠯᠠᠵᠤ᠂ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ | ᠵᠢᠯᠤᠭᠤᠳᠴᠤ ᠪᠠᠶᠢᠭᠠᠳ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠂ ᠡᠲᠡᠭᠡᠷ ᠢ ᠶᠠᠮᠠᠷᠪᠠ ᠦᠶ᠎ᠡ ᠳᠤ ᠴᠦ | ᠡᠷᠬᠡᠪᠰᠢ ᠴᠢᠩᠭ᠎ᠠ ᠠᠳᠬᠤᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠭᠦᠨᠵᠡᠭᠡᠢ | ᠲᠤᠭᠤᠰᠢᠯᠠᠭᠤᠯᠵᠤ᠂ ᠡᠯ᠎ᠡ ᠱᠠᠲᠤᠨ ᠤ ᠺᠠᠳ᠋ᠷᠴᠤᠳ ᠤᠨ ᠦᠨᠡᠨ ᠬᠦ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠠᠷᠢᠭᠤᠨ ᠴᠢᠬᠡᠴᠢ ᠪᠠᠶᠢᠵᠤ ᠪᠡᠶ᠎ᠡ ᠪᠠᠨ | ᠪᠠᠷᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠡᠴᠦᠰ ᠲᠤ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠬᠤ᠂ ᠴᠠᠭᠠᠨ ᠰᠠᠷ᠎ᠠ ᠶᠢᠨ ᠵᠥᠭᠡᠭᠡᠪᠦᠷᠢ ᠶᠢ ᠲᠣᠬᠢᠷᠠᠭᠤᠯᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠪᠠᠲᠤᠯᠠᠬᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠢ | ᠴᠢᠩᠭᠠᠳᠬᠠᠵᠤ᠂ ᠠᠷᠠᠳ ᠤᠯᠠᠨ ᠤ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠠᠮᠤᠷ ᠠᠮᠤᠭᠤᠯᠠᠩ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ |