︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ | ᠳᠠᠭᠢᠨ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠪᠠ ᠠᠷᠠᠳ ᠣᠯᠠᠨ ᠤ ᠪᠤᠳᠣᠵᠤ ᠬᠦᠰᠡᠵᠦ ᠪᠠᠶᠢᠭ᠎ᠠ ᠵᠦᠢᠯ ᠤᠨ ᠤᠶᠠᠯᠳᠤᠯ ᠴᠡᠭ ᠢ ᠡᠷᠢᠵᠦ ᠣᠯᠪᠠᠯ ᠰᠠᠶ᠋ᠢ | ᠰᠠᠨᠠᠯ ᠳᠤᠷᠠᠳᠤᠯᠭ᠎ᠠ ᠨᠢ ᠨᠠᠩ ᠬᠦᠴᠦᠨ ᠲᠠᠢ᠂ ᠨᠠᠩ ᠪᠣᠯᠣᠮᠵᠢᠲᠤ ᠴᠢᠨᠠᠷ ᠲᠠᠢ ᠪᠣᠯᠵᠤ ᠴᠢᠳᠠᠨ᠎ᠠ︾᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠬᠤᠷᠠᠯᠳᠤᠬᠤ | ᠭᠡᠵᠦ ᠪᠠᠶᠢᠭ᠎ᠠ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠴᠢᠯᠠᠭᠤᠨ ᠲᠣᠰᠣᠨ ᠤ | ᠥᠪᠥᠷ ᠮᠣᠩᠭᠤᠯ ᠤᠨ ᠪᠣᠷᠤᠯᠠᠭᠤᠯᠭ᠎ᠠ ᠶᠢᠨ ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠭᠦᠢᠴᠡᠳᠬᠡᠬᠦ ᠬᠡᠷᠡᠭ ᠮᠡᠳᠡᠭᠴᠢ ᠶᠠᠩ ᠵᠢᠶᠧ ᠮᠥᠨ ᠬᠦ ᠡᠭᠦᠨ ᠠᠴᠠ | ᠡᠮᠦᠨᠡᠬᠢ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠢᠶᠠᠨ ᠦᠨᠳᠦᠰᠦᠯᠡᠨ ᠳᠡᠪᠰᠢᠭᠦᠯᠬᠦ ᠪᠠᠷ ᠪᠡᠯᠡᠳᠬᠡᠵᠦ ᠪᠠᠶᠢᠭ᠎ᠠ ᠰᠠᠨᠠᠯ ᠳᠤᠷᠠᠳᠤᠯᠭ᠎ᠠ ᠪᠠᠨ ᠲᠠᠭᠢᠨ ᠳᠠᠪᠲᠠᠨ | ᠨᠥᠬᠦᠪᠦᠷᠢᠯᠡᠨ ᠲᠡᠭᠦᠯᠳᠡᠷᠵᠢᠭᠦᠯᠵᠦ ᠪᠠᠶᠢᠯ᠎ᠠ᠃ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠩᠭᠡᠷᠡᠯᠲᠡ ᠪᠠᠨ ᠡᠷᠭᠢᠴᠡᠭᠦᠯᠬᠦᠶ᠎ᠡ᠂ ᠶᠠᠩ ᠵᠢᠶᠧ ᠮᠥᠷᠥᠨ ᠳᠡᠭᠡᠷᠡᠬᠢ ᠬᠠᠷᠢᠭᠤᠴᠠᠯᠭ᠎ᠠ ᠨᠠᠩ ᠬᠦᠨᠳᠦ | ᠪᠣᠯᠵᠠᠢ ᠭᠡᠨ᠎ᠡ᠂ ᠲᠡᠷᠡ᠄ ︽ᠥᠪᠡᠷᠲᠡᠭᠡᠨ ᠵᠠᠰᠠᠬᠤ ᠣᠷᠣᠨ ᠤ ᠲᠥᠯᠥᠭᠡ ᠶᠢᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠪᠤᠶᠠᠨ | ᠦᠢᠯᠡᠳᠬᠦ ᠪᠠᠰᠠ ᠨᠢᠭᠡᠨ ᠬᠠᠷᠢᠭᠤᠴᠠᠯᠭ᠎ᠠ ᠨᠡᠮᠡᠭᠳᠡᠵᠡᠢ︾ ᠭᠡᠵᠦ ᠵᠣᠷᠢᠭ ᠢᠶᠠᠨ ᠬᠥᠪᠴᠢᠯᠡᠨ᠎ᠡ᠃ ᠬᠡᠷᠬᠢᠨ ᠲᠣᠰ ᠪᠡᠶ᠎ᠡ ᠶᠢᠨ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ | ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠪᠤᠢ︖ ︽ᠤᠶᠠᠯᠳᠤᠯ ᠴᠡᠭ ᠢ | ᠡᠷᠢᠵᠦ ᠣᠯᠬᠤ ᠬᠡᠷᠡᠭᠲᠡᠢ︾ ᠭᠡᠵᠦ ᠶᠠᠩ ᠵᠢᠶᠧ ᠬᠡᠯᠡᠨ᠎ᠡ᠃ | ᠡᠨᠧᠷᠭᠢ᠂ ᠵᠠᠮ ᠬᠠᠷᠢᠯᠴᠠᠭ᠎ᠠ ᠪᠣᠯ ᠶᠠᠩ ᠵᠢᠶᠧ ᠶᠢᠨ ᠰᠠᠶᠢᠨ ᠮᠡᠳᠡᠳᠡᠭ ᠬᠦᠷᠢᠶ᠎ᠡ ᠴᠠᠷᠠᠭ᠎ᠠ ᠪᠣᠯᠣᠨ᠎ᠠ᠃ ᠨᠢᠳᠤᠨᠤᠨ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠬᠤᠭᠤᠴᠠᠭᠠᠨ ᠳᠤ᠂ ᠲᠡᠷᠡ ︽ᠣᠲᠣ | ᠪᠠᠶᠢᠭ᠎ᠠ ᠲᠣᠰᠣ ᠨᠡᠮᠡᠬᠦ ᠲᠣᠣᠷ ᠤᠨ ᠪᠠᠶᠢᠷᠢᠰᠢᠭᠤᠯᠤᠯᠲᠠ ᠶᠢᠨ ᠰᠢᠨ᠎ᠡ ᠡᠨᠧᠷᠭᠢ ᠶᠢᠨ ᠲᠤᠬᠠᠶᠢᠯᠠᠭᠰᠠᠨ ᠠᠵᠢᠯ ᠢ ᠭᠦᠢᠴᠡᠳ ᠠᠰᠢᠭᠯᠠᠨ ᠵᠠᠮ ᠬᠠᠷᠢᠯᠴᠠᠭ᠎ᠠ | ᠡᠨᠧᠷᠭᠢ ᠶᠢᠨ ᠬᠦᠷᠢᠶᠡᠨ ᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠲᠤᠬᠠᠢ ᠰᠠᠨᠠᠯ ᠳᠤᠷᠠᠳᠤᠯᠭ᠎ᠠ︾ | ᠶᠢ ᠳᠡᠪᠰᠢᠭᠦᠯᠪᠡ᠃ | ︽ᠪᠦᠭᠦ ᠣᠷᠣᠨ ᠳᠤ ᠣᠲᠣ 3400 ᠭᠠᠷᠤᠢ ᠲᠣᠰᠣ ᠨᠡᠮᠡᠬᠦ ᠥᠷᠲᠡᠭᠡ ᠪᠤᠶ᠂ ᠡᠭᠦᠨ ᠳᠤ ᠳᠤᠮᠳᠠᠳᠤ ᠤᠯᠤᠰ ᠤᠨ ᠴᠢᠯᠠᠭᠤᠨ ᠲᠣᠰᠣ ᠨᠡᠮᠡᠬᠦ ᠦᠷᠳᠡᠭᠡ | ᠳᠠᠷᠤᠢ 1600 ᠭᠠᠷᠤᠢ ᠪᠠᠶᠢᠵᠤ᠂ ᠪᠦᠭᠦ ᠣᠷᠣᠨ ᠳᠤ ᠲᠠᠷᠬᠠᠭᠰᠠᠨ ᠲᠣᠰᠣ ᠨᠡᠮᠡᠬᠦ ᠲᠣᠣᠷ ᠨᠡᠯᠢᠶᠡᠳ ᠪᠣᠯᠪᠠᠰᠤᠷᠠᠩᠭᠤᠢ ᠪᠣᠯᠵᠠᠢ︾᠃ ᠶᠠᠩ ᠵᠢᠶᠧ᠂ ᠲᠡᠭᠦᠨ ᠢ ᠰᠢᠨ᠎ᠡ | ᠡᠨᠧᠷᠭᠢ ᠶᠢᠨ ᠲᠣᠣᠷ ᠤᠨ ᠪᠠᠶᠢᠷᠢᠰᠢᠭᠤᠯᠤᠯᠲᠠ ᠳᠤ ᠣᠷᠣᠭᠤᠯᠪᠠᠯ ᠵᠣᠬᠢᠨ᠎ᠠ᠂ ᠲᠡᠷᠡᠴᠢᠯᠡᠨ ᠴᠠᠭᠢᠯᠭᠠᠨ ᠴᠡᠨᠡᠭᠯᠡᠬᠦ ᠲᠣᠣᠷ ᠤᠨ ᠪᠠᠶᠢᠷᠢᠯᠠᠭᠤᠯᠤᠯᠲᠠ ᠶᠢᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠲᠠ ᠶᠢᠨ ᠪᠠᠶᠢᠳᠠᠯ᠂ ᠵᠠᠰᠠᠮᠠᠯ ᠵᠠᠮ ᠤᠨ ᠱᠤᠭᠤᠮ᠂ ᠬᠥᠳᠡᠭᠡ ᠲᠣᠰᠬᠤᠨ ᠤ ᠴᠡᠭ ᠤᠨ ᠪᠠᠶᠢᠷᠢᠯᠠᠭᠤᠯᠤᠯᠲᠠ ᠶᠢᠨ | ᠴᠠᠭᠢᠯᠭᠠᠨ ᠴᠡᠨᠡᠭᠯᠡᠬᠦ ᠲᠣᠣᠷ ᠬᠢᠭᠡᠳ ᠣᠲᠣ ᠶᠢᠨ ᠪᠠᠶᠢᠭ᠎ᠠ ᠲᠣᠰᠣ ᠨᠡᠮᠡᠬᠦ ᠥᠷᠲᠡᠭᠡ ᠶᠢᠨ ᠰᠢᠨ᠎ᠡ ᠶᠢ ᠡᠭᠦᠳᠴᠦ ᠠᠭᠤᠰᠤᠯᠴᠠᠨ ᠬᠥᠭᠵᠢᠬᠦ ᠰᠡᠳᠬᠢᠴᠡ ᠶᠢ | ᠲᠣᠳᠣᠷᠬᠠᠢ ᠪᠤᠯᠭᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ︽ᠴᠠᠭᠢᠯᠭᠠᠨ ᠴᠡᠨᠡᠭᠯᠡᠬᠦ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠪᠡᠯ ᠵᠣᠬᠢᠨ᠎ᠠ | ᠭᠡᠵᠦ ᠰᠠᠨᠠᠭᠤᠯᠭ᠎ᠠ ᠪᠠᠨ ᠳᠡᠯᠭᠡᠨ᠎ᠡ᠃ | ︽ᠰᠠᠨᠠᠯ ᠳᠤᠷᠠᠳᠤᠯᠭ᠎ᠠ ᠪᠠᠨ ᠳᠡᠪᠰᠢᠭᠦᠯᠦᠭᠰᠡᠨ ᠤ ᠲᠠᠷᠠᠭ᠎ᠠ᠂ ᠺᠤᠮᠫᠠᠨᠢ ᠤᠷᠢᠯᠭ᠎ᠠ ᠪᠠᠷ ᠲᠤᠰᠬᠠᠢ ᠬᠥᠮᠥᠨ ᠲᠣᠮᠢᠯᠠᠨ ᠥᠪᠡᠷᠲᠡᠭᠡᠨ ᠵᠠᠰᠠᠬᠤ ᠣᠷᠣᠨ ᠤ ︿ | ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠪᠠ᠂ ᠡᠨᠡ ᠨᠢ ᠨᠠᠳᠠ ᠳᠤ ᠮᠠᠰᠢ ᠶᠡᠭᠡ ᠵᠣᠷᠢᠭᠵᠢᠭᠤᠯᠤᠯ | ᠪᠣᠯᠵᠠᠢ︾ ᠭᠡᠵᠦ ᠶᠠᠩ ᠵᠢᠶᠧ ᠪᠠᠶᠠᠷᠲᠠᠶᠢᠬᠠᠨ ᠶᠠᠷᠢᠵᠤ ᠪᠠᠶᠢᠯ᠎ᠠ᠃ | 2024 ᠣᠨ ᠳᠤ᠂ ᠶᠠᠩ ᠵᠢᠶᠧ ᠶᠢᠨ ᠠᠩᠬᠠᠷᠤᠯ ᠲᠠᠯᠪᠢᠭᠰᠠᠨ ᠭᠤᠣᠯᠳᠠᠯᠭ᠎ᠠ ᠨᠢ ᠮᠥᠨ ᠬᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠬᠢᠭᠡᠳ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠲᠣᠭᠲᠠᠭᠰᠠᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠤᠨ ᠡᠯ᠎ᠡ ᠵᠦᠢᠯ ᠤᠨ ᠠᠭᠤᠯᠭ᠎ᠠ ᠶᠢ ᠲᠦᠷᠭᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠠᠬᠢᠭᠤᠯᠵᠤ᠂ ︽ᠥᠪᠥᠷ ᠮᠣᠩᠭᠤᠯ ᠨᠡᠷᠡᠮᠵᠢᠲᠦ︾ ᠦᠢᠯᠡᠳᠬᠦᠨ ᠢ ᠪᠦᠭᠦ ᠤᠯᠤᠰ ᠲᠤ ᠳᠡᠯᠭᠡᠷᠡᠭᠦᠯᠬᠦ ᠶᠠᠪᠤᠳᠠᠯ ᠪᠣᠯᠣᠨ᠎ᠠ᠃ ︽ᠥᠪᠡᠷᠲᠡᠭᠡᠨ ᠵᠠᠰᠠᠬᠤ ᠣᠷᠣᠨ ᠤ ᠠᠵᠤ | ᠠᠬᠤᠢ ᠶᠢᠨ ᠬᠥᠭᠵᠢᠯᠲᠡ ᠳᠤ ᠬᠠᠮᠤᠭ ᠤᠨ ᠶᠡᠭᠡ ᠬᠡᠮᠵᠢᠶ᠎ᠡ ᠪᠠᠷ ᠦᠢᠯᠡᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ | ᠬᠦᠰᠡᠵᠦ ᠪᠠᠶᠢᠨ᠎ᠠ︾ ᠭᠡᠵᠦ ᠶᠠᠩ ᠵᠢᠶᠧ ᠬᠡᠯᠡᠨ᠎ᠡ᠃ ᠲᠠᠷᠠ᠂ ᠨᠢᠭᠡ ᠵᠢᠯ ᠤᠨ ᠲᠤᠷᠰᠢ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ | ᠪᠦᠯᠦᠭᠯᠡᠯ ᠬᠢᠵᠠᠭᠠᠷᠲᠤ ᠺᠤᠮᠫᠠᠨᠢ ᠥᠪᠥᠷ ᠮᠣᠩᠭᠤᠯ ᠳᠤ ᠨᠡᠶᠢᠲᠡ 200 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠪᠠ; | 10 ᠭᠠᠷᠤᠢ ᠲᠣᠮᠣ ᠲᠥᠷᠥᠯ᠂ 100 ᠭᠠᠷᠤᠢ ︽ᠥᠪᠥᠷ ᠮᠣᠩᠭᠤᠯ ᠨᠡᠷᠡᠮᠵᠢᠲᠦ︾ ᠲᠠᠩ ᠦᠢᠯᠡᠳᠬᠦᠨ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠢ ᠬᠡᠢ ᠶᠢᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠠᠷᠭ᠎ᠠ ᠵᠠᠮ ᠢᠶᠠᠷ ᠳᠡᠮᠵᠢᠨ ᠪᠦᠭᠦ ᠤᠯᠤᠰ ᠲᠤ ᠪᠣᠷᠣᠯᠠᠭᠤᠯᠤᠭᠰᠠᠨ ᠬᠡᠮᠵᠢᠶ᠎ᠡ 2 ᠳ᠋ᠦᠩᠰᠢᠭᠤᠷ | ᠲᠥᠭᠦᠷᠢᠭ ᠢ ᠳᠠᠪᠠᠵᠤ᠂ ᠵᠥᠪᠭᠡᠨ ︽ᠰᠢᠯᠢ ᠶᠢᠨ ᠭᠤᠣᠯ ᠤᠨ ᠬᠤᠨᠢ︾ ᠭᠡᠬᠦ ᠨᠢᠭᠡ ᠵᠦᠢᠯ ᠤᠨ ᠪᠣᠷᠤᠯᠠᠭᠤᠯᠭ᠎ᠠ ᠨᠢ ᠳᠠᠷᠤᠢ 3000 ᠭᠠᠷᠤᠢ ᠲᠦᠮᠡᠨ ᠲᠥᠭᠦᠷᠢᠭ ᠲᠤ | ᠬᠦᠷᠴᠡᠢ ᠭᠡᠵᠦ ᠲᠠᠨᠢᠯᠴᠠᠭᠤᠯᠤᠯ᠎ᠠ᠃ | ︽ᠪᠢᠳᠡ ︿ᠥᠪᠥᠷ ᠮᠣᠩᠭᠤᠯ ᠨᠡᠷᠡᠮᠵᠢᠲᠦ﹀ ᠦᠢᠯᠡᠳᠬᠦᠨ ᠤ ᠭᠠᠳᠠᠭᠰᠢ ᠭᠠᠷᠬᠤ ᠳᠤ ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠦ᠂ ᠣᠶᠢᠷ᠎ᠠ ᠶᠢᠨ | ᠵᠢᠯ ᠳᠤ ᠬᠡᠷᠡᠭᠯᠡᠭᠡᠨ ᠢᠶᠠᠷ ᠬᠠᠪᠰᠤᠷᠤᠨ ᠲᠡᠳᠬᠦᠭᠰᠡᠨ︿ᠥᠪᠥᠷ ᠮᠣᠩᠭᠤᠯ ᠲᠡᠮᠳᠡᠭᠲᠦ﹀ ᠦᠢᠯᠡᠳᠬᠦᠨ ᠨᠡᠶᠢᠲᠡ 6 ᠳ᠋ᠦᠩᠰᠢᠭᠤᠷ ᠰᠢᠬᠠᠮ ᠲᠥᠭᠦᠷᠢᠭ ᠲᠤ ᠭᠦᠷᠪᠡ︾ | ᠭᠡᠵᠦ ᠶᠠᠩ ᠵᠢᠶᠧ ᠣᠮᠣᠭᠲᠠᠶᠢᠬᠠᠨ ᠬᠡᠯᠡᠨ᠎ᠡ᠃ | ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ | ᠪᠣᠯ ᠶᠠᠩ ᠵᠢᠶᠧ ᠶᠢᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢᠨ ᠪᠠᠷᠢᠮᠲᠠᠯᠠᠯ ᠪᠠᠶᠢᠵᠠᠢ᠃ ᠶᠠᠩ ᠵᠢᠶᠧ᠄ ︽ᠪᠢ ᠯᠠᠪᠲᠠᠢ ᠭᠡᠰᠢᠭᠦᠨ ᠤ ᠢᠷᠠᠭᠤ | ᠠᠯᠳᠠᠷ ᠢᠶᠠᠨ ᠨᠠᠨᠳᠢᠩᠨᠠᠵᠤ᠂ ᠣᠯᠠᠨ ᠲᠦᠮᠡᠨ ᠤ ᠰᠡᠳᠬᠢᠯ ᠤᠨ ᠲᠠᠭᠤᠨ ᠪᠠ ᠬᠦᠰᠡᠯ ᠡᠷᠡᠮᠡᠯᠵᠡᠯ ᠢ ᠢᠳᠡᠪᠬᠢᠲᠡᠢ ᠳᠠᠮᠵᠢᠭᠤᠯᠵᠤ᠂ ᠣᠷᠣᠨ ᠨᠤᠲᠤᠭ ᠤᠨ ᠬᠥᠭᠵᠢᠯᠲᠡ ᠶᠢ | ᠪᠦᠭᠦ ᠬᠦᠴᠦᠨ ᠢᠶᠠᠷ ᠢᠶᠠᠨ ᠠᠬᠢᠭᠤᠯᠵᠤ᠂ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠨ᠎ᠡ︾ ᠭᠡᠵᠦ ᠵᠣᠷᠢᠯᠲᠠ ᠪᠠᠨ ᠲᠣᠳᠣᠷᠠᠭᠤᠯᠤᠨ᠎ᠠ᠃ | | | | |