︽ᠡᠨᠡ ᠵᠢᠯ ᠪᠢ ᠠᠵᠢᠯ ᠮᠡᠷᠭᠡᠵᠢᠯ ᠤᠨ ᠪᠠᠭᠰᠢ ᠶᠢᠨ ᠶᠡᠭᠡ ᠳᠡᠭᠡᠳᠦ ᠰᠤᠷᠭᠠᠭᠤᠯᠢ ᠶᠢ ᠳᠠᠷᠤᠢ ᠲᠦᠷᠭᠡᠨ ᠪᠠᠶᠢᠭᠤᠯᠬᠤ ᠲᠤᠬᠠᠢ ᠰᠠᠨᠠᠯ ᠳᠤᠷᠠᠳᠤᠯᠭ᠎ᠠ | ᠳᠡᠪᠰᠢᠭᠦᠯᠬᠦ ᠪᠠᠷ ᠪᠠᠶᠢᠨ᠎ᠠ︾᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠬᠤᠷᠠᠯᠳᠤᠬᠤ ᠭᠡᠵᠦ ᠪᠠᠶᠢᠭ᠎ᠠ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠡᠷᠭᠢᠯᠡᠭᠴᠢ | ᠭᠡᠰᠢᠭᠦᠨ᠂ ᠤᠯᠠᠭᠠᠨᠬᠠᠳᠠ ᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢᠨ ᠬᠡᠷᠡᠭ ᠡᠷᠭᠢᠯᠡᠭᠴᠢᠳ ᠤᠨ ᠳᠠᠷᠤᠭ᠎ᠠ ᠰᠦᠨ ᠳ᠋ᠧ ᠰᠢᠨ ᠶᠠᠭ ᠰᠠᠨᠠᠯ ᠳᠤᠷᠠᠳᠤᠯᠭ᠎ᠠ ᠪᠠᠨ | ᠱᠠᠯᠠᠪᠳᠠᠨ ᠡᠮᠬᠢᠯᠡᠨ᠎ᠡ᠃ ᠤᠤᠯ ᠨᠢ ᠰᠤᠷᠭᠠᠨ ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭᠰᠠᠨ ᠰᠢᠶᠠᠨ ᠤ ᠳᠡᠳ᠋ ᠳᠠᠷᠤᠭ᠎ᠠ ᠪᠠᠶᠢᠭᠰᠠᠨ ᠤ ᠬᠤᠪᠢ ᠳᠤ᠂ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠨᠢ ᠲᠡᠭᠦᠨ ᠤ ᠣᠷᠳᠣ ᠬᠤᠭᠤᠴᠠᠭᠠᠨ ᠤ ᠲᠤᠷᠰᠢ ᠠᠩᠬᠠᠷᠤᠯ ᠢᠶᠠᠨ ᠲᠥᠪᠯᠡᠷᠡᠭᠦᠯᠵᠦ ᠢᠷᠡᠭᠰᠡᠨ ᠭᠤᠣᠯ ᠶᠠᠪᠤᠳᠠᠯ ᠪᠠᠶᠢᠵᠤ᠂ | ᠦᠨᠳᠦᠰᠦᠨ ᠱᠠᠲᠤᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠮᠠᠰᠢ ᠰᠠᠶᠢᠨ ᠣᠶᠢᠯᠠᠭᠠᠳᠠᠭ ᠠᠵᠢ᠃ | ᠥᠩᠭᠡᠷᠡᠭᠰᠡᠨ ᠨᠢᠭᠡ ᠵᠢᠯ ᠳᠤ᠂ ᠰᠦᠨ ᠳ᠋ᠧ ᠰᠢᠨ ᠤᠯᠠᠨ ᠰᠤᠷᠭᠠᠭᠤᠯᠢ ᠪᠠᠷ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ | ᠰᠤᠷᠭᠠᠭᠤᠯᠢ ᠶᠢᠨ ᠵᠠᠬᠢᠷᠤᠯ᠂ ᠪᠠᠭᠰᠢ᠂ ᠭᠡᠷ ᠤᠨ ᠠᠬᠠᠮᠠᠳ ᠤᠨ ᠪᠤᠳᠤᠯ ᠰᠠᠨᠠᠯ ᠢ ᠰᠣᠨᠣᠰᠴᠤ᠂ ᠣᠷᠣᠰᠢᠵᠤ ᠪᠦᠬᠦᠢ ᠬᠦᠴᠢᠷ ᠠᠰᠠᠭᠤᠳᠠᠯ ᠵᠢᠴᠢ ᠰᠠᠨᠠᠯ ᠰᠠᠨᠠᠭᠤᠯᠭ᠎ᠠ | ᠪᠦᠭᠦᠨ ᠢ ᠨᠢ ᠨᠠᠷᠢᠨ ᠲᠡᠮᠳᠡᠭᠯᠡᠵᠦ ᠰᠠᠨᠠᠯ ᠳᠤᠷᠠᠳᠤᠯᠭ᠎ᠠ ᠶᠢᠨ ᠢᠶᠠᠨ ᠪᠣᠷᠣ ᠮᠠᠲ᠋ᠧᠷᠢᠶᠠᠯ ᠪᠠ ᠦᠨᠳᠦᠰᠦᠯᠡᠯ ᠪᠣᠯᠭᠠᠪᠠ᠃ ︽ᠡᠨᠡ ᠨᠢᠭᠡ ᠵᠢᠯ ᠳᠤ᠂ ᠪᠢ ᠤᠷᠢᠳ | ᠬᠤᠵᠢᠳ ᠰᠤᠷᠭᠠᠨ ᠬᠥᠮᠦᠵᠢᠯ ᠤᠨ ᠲᠤᠬᠠᠢ ᠨᠡᠶᠢᠭᠡᠮ ᠤᠨ ᠪᠠᠶᠢᠳᠠᠯ ᠠᠷᠠᠳ ᠤᠨ ᠰᠠᠨᠠᠯ ᠢ ᠲᠤᠰᠬᠠᠭᠰᠠᠨ ᠮᠡᠳᠡᠭᠡ ᠵᠠᠩᠭᠢ ᠶᠢ 6 ᠬᠤᠪᠢ ᠳᠡᠪᠰᠢᠭᠦᠯᠵᠦ᠂ 2 ᠬᠤᠪᠢ | ᠨᠢ ᠠᠳᠠᠯᠢ ᠪᠤᠰᠤ ᠱᠠᠲᠤᠨ ᠤ ᠰᠠᠯᠠᠭ᠎ᠠ ᠮᠥᠴᠢᠷ ᠲᠤ ᠬᠡᠷᠡᠭᠯᠡᠭᠳᠡᠵᠦ᠂ ᠡᠭᠦᠨ ᠠᠴᠠ ᠭᠠᠳᠠᠨ᠎ᠠ ︿ᠲᠤᠭ᠎ᠠ ᠬᠡᠮᠵᠢᠶ᠎ᠡ᠂ ᠶᠠᠰᠤ ᠴᠢᠨᠠᠷ᠂ ᠦᠷ᠎ᠡ ᠠᠰᠢᠭ ᠢ ᠳᠡᠭᠡᠭᠰᠢᠯᠡᠭᠦᠯᠵᠦ᠂ | ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠨᠠᠷᠢᠯᠢᠭᠵᠢᠭᠤᠯᠤᠨ ᠥᠷᠨᠢᠭᠦᠯᠬᠦ ᠲᠤᠬᠠᠢ ᠰᠠᠨᠠᠭᠤᠯᠭ᠎ᠠ﹀ ᠳᠤ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠴᠣᠬᠤᠯᠠᠪᠤᠷᠢ ᠥᠭᠴᠡᠢ︾ ᠭᠡᠵᠦ ᠰᠦᠨ ᠳ᠋ᠧ ᠰᠢᠨ ᠨᠢᠭᠡ ᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠶᠠᠪᠤᠴᠠ ᠪᠠᠨ ᠡᠷᠭᠢᠴᠡᠭᠦᠯᠦᠨ ᠬᠡᠯᠡᠨ᠎ᠡ᠃ | ︽ᠰᠤᠷᠭᠠᠨ ᠬᠥᠮᠦᠵᠢᠯ ᠪᠣᠯ ᠲᠣᠮᠣ ᠰᠡᠳᠦᠪ ᠮᠥᠨ᠂ ᠤᠯᠤᠰ ᠤᠨ ᠬᠥᠭᠵᠢᠯᠲᠡ ᠪᠣᠯᠣᠨ ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠵᠤ ᠪᠠᠶᠢᠳᠠᠭ᠃ | ᠣᠶᠢᠷ᠎ᠠ ᠶᠢᠨ ᠵᠢᠯ ᠠᠴᠠ ᠨᠠᠭᠠᠰᠢ᠂ ᠨᠠᠮ ᠪᠠ ᠤᠯᠤᠰ ᠠᠴᠠ ᠰᠤᠷᠭᠠᠨ ᠬᠥᠮᠦᠵᠢᠯ ᠢ ᠢᠮᠠᠭᠲᠠ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ | ᠲᠠᠯᠪᠢᠵᠤ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠠᠵᠢᠯ ᠦᠢᠯᠡᠰ ᠮᠠᠰᠢ ᠶᠡᠭᠡ ᠲᠠᠪᠰᠢᠯᠳᠠ ᠲᠠᠢ ᠪᠣᠯᠤᠭᠰᠠᠨ ᠪᠤᠯᠪᠠᠴᠤ ᠬᠥᠭᠵᠢᠯᠲᠡ ᠶᠢᠨ ᠶᠠᠪᠤᠴᠠ ᠳᠤ | ᠮᠥᠨ ᠯᠡ ᠵᠠᠷᠢᠮ ᠠᠰᠠᠭᠤᠳᠠᠯ ᠢ ᠠᠩᠬᠠᠷᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ︾ ᠭᠡᠵᠦ ᠰᠦᠨ ᠳ᠋ᠧ ᠰᠢᠨ ᠬᠡᠯᠡᠨ᠎ᠡ᠃ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠪᠠᠶᠢᠳᠠᠯ᠂ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠰᠠᠶᠢᠲᠤᠷ ᠳᠠᠮᠵᠢᠭᠤᠯᠵᠤ᠂ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠳᠤ ᠦᠨᠡᠨ ᠪᠣᠳᠠᠲᠠᠢ᠂ ᠲᠤᠰᠬᠠᠢ ᠮᠡᠷᠭᠡᠵᠢᠯ ᠤᠨ᠂ ᠴᠠᠭ ᠲᠤᠬᠠᠢ ᠳᠤᠨᠢ | ᠰᠠᠨᠠᠭᠤᠯᠭ᠎ᠠ ᠳᠡᠪᠰᠢᠭᠦᠯᠬᠦ ᠬᠠᠷᠢᠭᠤᠴᠠᠯᠭ᠎ᠠ ᠲᠠᠢ ᠶᠤᠮ ᠭᠡᠵᠦ ᠲᠠᠷᠠ ᠥᠪᠡᠷ ᠤᠨ ᠡᠭᠦᠷᠭᠡᠯᠡᠯ ᠢᠶᠠᠨ ᠲᠣᠳᠣᠷᠠᠭᠤᠯᠵᠤ ᠭᠠᠷᠤᠯ᠎ᠠ᠃ | ᠨᠢᠳᠤᠨᠤᠨ ᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠤ᠂ ᠰᠦᠨ ᠳ᠋ᠧ ᠰᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠦᠢᠳᠬᠡᠯ ᠬᠤᠷᠢᠶᠠᠬᠤ ᠦᠭᠡᠢ ᠪᠠᠷ ᠨᠠᠰᠤᠵᠢᠯ ᠤᠨ ᠠᠰᠠᠷᠠᠮᠵᠢ ᠶᠢᠨ ᠲᠤᠰᠬᠠᠢ ᠮᠡᠷᠭᠡᠵᠢᠯ ᠢᠶᠠᠷ ᠰᠤᠷᠤᠬᠴᠢ ᠡᠯᠰᠡᠬᠦ ᠶᠢ ᠳᠡᠮᠵᠢᠬᠦ ᠲᠤᠬᠠᠢ ᠰᠠᠨᠠᠯ ᠳᠤᠷᠠᠳᠤᠯᠭ᠎ᠠ | ᠳᠡᠪᠰᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯ ᠤᠨ ᠡᠷᠴᠢᠮ ᠴᠢᠩᠭ᠎ᠠ᠂ ᠴᠠᠯᠢᠩ ᠳᠣᠣᠷ᠎ᠠ᠂ | ᠭᠡᠷ ᠤᠨ ᠠᠬᠠᠮᠠᠳ ᠴᠢᠬᠤᠯᠠᠴᠢᠯᠠᠬᠤ ᠦᠭᠡᠢ ᠪᠠᠶᠢᠬᠤ ᠵᠡᠷᠭᠡ ᠲᠠᠯ᠎ᠠ ᠠᠴᠠ᠂ ᠡᠨᠡ ᠬᠦ ᠲᠤᠰᠬᠠᠢ ᠮᠡᠷᠭᠡᠵᠢᠯ ᠳᠤ ᠰᠣᠷᠣᠬᠴᠢ ᠡᠯᠰᠡᠬᠦ ᠳᠤ ᠬᠦᠴᠢᠷᠲᠡᠢ ᠪᠠᠶᠢᠬᠤ᠂ ᠠᠵᠢᠯ | ᠣᠯᠬᠤ ᠨᠣᠷᠮ᠎ᠠ ᠳᠣᠣᠷ᠎ᠠ ᠪᠠ ᠠᠵᠢᠯᠯᠠᠭᠰᠠᠨ ᠤ ᠳᠠᠷᠠᠭ᠎ᠠ ᠠᠵᠢᠯ ᠬᠠᠶᠠᠬᠤ ᠨᠣᠷᠮ᠎ᠠ ᠥᠨᠳᠥᠷ ᠪᠠᠶᠢᠬᠤ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠥᠪᠡᠷᠲᠡᠭᠡᠨ | ᠵᠠᠰᠠᠬᠤ ᠣᠷᠣᠨ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠰᠬᠠᠢ ᠮᠡᠷᠭᠡᠵᠢᠯ ᠳᠤ ᠰᠦᠢᠳᠬᠡᠯ ᠬᠤᠷᠢᠶᠠᠬᠤ ᠦᠭᠡᠢ ᠪᠠᠷ ᠰᠤᠷᠤᠬᠴᠢ ᠡᠯᠰᠡᠬᠦ | ᠲᠥᠷᠥ ᠶᠢᠨ ᠪᠣᠳᠣᠯᠭ᠎ᠠ ᠲᠣᠭᠲᠠᠭᠠᠵᠤ᠂ ᠨᠠᠰᠤᠵᠢᠯ ᠤᠨ ᠠᠰᠠᠷᠠᠮᠵᠢ ᠶᠢᠨ ᠲᠤᠰᠬᠠᠢ ᠮᠡᠷᠭᠡᠵᠢᠯ ᠤᠨ ᠲᠠᠲᠠᠬᠤ ᠬᠦᠴᠦᠨ ᠢ ᠳᠡᠭᠡᠭᠰᠢᠯᠡᠭᠦᠯᠦᠨ᠂ ᠨᠠᠰᠤᠵᠢᠯ ᠤᠨ | ᠠᠰᠠᠷᠠᠮᠵᠢ ᠶᠢᠨ ᠦᠢᠯᠡᠰ ᠤᠨ ᠴᠢᠳᠠᠪᠤᠷᠢᠲᠠᠨ ᠤ ᠬᠠᠩᠭᠠᠯᠭ᠎ᠠ ᠶᠢ ᠨᠡᠮᠡᠭᠳᠡᠭᠦᠯᠬᠦ ᠶᠢ ᠬᠦᠰᠡᠭᠰᠡᠨ ᠪᠠᠶᠢᠨ᠎ᠠ᠃ ᠲᠤᠰ ᠰᠠᠨᠠᠯ ᠳᠤᠷᠠᠳᠤᠯᠭ᠎ᠠ ᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠳᠡᠭᠡᠳᠦ ᠬᠡᠮᠵᠢᠶᠡᠨ ᠤ ᠠᠩᠬᠠᠷᠤᠯ ᠢ ᠲᠠᠲᠠᠪᠠ᠃ ᠰᠦᠨ ᠳ᠋ᠧ ᠰᠢᠨ᠄ ︽ᠦᠨᠳᠦᠰᠦᠨ ᠱᠠᠲᠤᠨ ᠤ ᠠᠰᠢᠭᠲᠠᠢ ᠲᠤᠷᠰᠢᠯᠭ᠎ᠠ ᠶᠢ ᠭᠥᠯᠢᠶᠡᠨ | ᠠᠪᠤᠭᠰᠠᠨ ᠳᠤ ᠮᠠᠰᠢ ᠪᠠᠶᠠᠷᠯᠠᠵᠤ ᠪᠠᠶᠢᠨ᠎ᠠ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ ᠪᠢ ᠨᠡᠩ ᠤᠯᠠᠨ ᠲᠠᠯ᠎ᠠ ᠠᠴᠠ ᠪᠣᠳᠣᠯᠬᠢᠯᠠᠵᠤ᠂ ᠡᠨᠡ ᠵᠢᠯ ᠤᠨ | ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠡᠭᠡᠷ᠎ᠡ ᠬᠤᠯᠪᠣᠭᠳᠠᠯ ᠪᠦᠬᠦᠢ ᠰᠠᠨᠠᠯ ᠳᠤᠷᠠᠳᠤᠯᠭ᠎ᠠ ᠶᠢ ᠦᠷᠭᠦᠯᠵᠢᠯᠡᠨ ᠳᠡᠪᠰᠢᠭᠦᠯᠦᠨ᠎ᠡ︾ ᠭᠡᠵᠦ ᠪᠤᠳᠤᠯ ᠢᠶᠠᠨ | ᠳᠡᠯᠭᠡᠨ᠎ᠡ᠃ | ᠣᠳᠣᠬᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠤᠨᠤᠯ ᠤᠨ ᠵᠢᠭᠠᠨ ᠰᠤᠷᠭᠠᠯᠲᠠ ᠪᠠ ᠦᠢᠯᠡᠳᠦᠯᠭᠡ ᠶᠢᠨ ᠵᠢᠭᠠᠨ ᠰᠤᠷᠭᠠᠯᠲᠠ ᠶᠢᠨ | ᠴᠢᠳᠠᠪᠤᠷᠢ ᠶᠢ ᠪᠦᠷᠢᠯᠳᠦᠭᠦᠯᠦᠭᠰᠡᠨ ᠴᠢᠨᠠᠷ ᠰᠠᠶᠢᠲᠠᠢ ︽ᠬᠤᠣᠰ ᠴᠢᠳᠠᠪᠤᠷᠢ ᠲᠠᠢ︾ ᠪᠠᠭᠰᠢ ᠪᠠ ᠵᠢᠭᠠᠨ ᠰᠤᠷᠭᠠᠯᠲᠠ ᠶᠢᠨ ᠪᠦᠯᠭᠦᠮ ᠲᠤᠲᠠᠭᠳᠠᠵᠤ ᠪᠠᠶᠢᠬᠤ ᠣᠳᠣᠬᠢ | ᠪᠠᠶᠢᠳᠠᠯ ᠳᠤ ᠴᠢᠭᠯᠡᠭᠦᠯᠦᠨ᠂ ᠰᠦᠨ ᠳ᠋ᠧ ᠰᠢᠨ ᠥᠷᠭᠡᠨ ᠢᠶᠠᠷ ᠮᠠᠲ᠋ᠧᠷᠢᠶᠠᠯ ᠴᠤᠭᠯᠠᠭᠤᠯᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠪᠦᠭᠦ | ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠪᠤᠰᠤᠳᠴᠢ ᠪᠠᠷ ᠳ᠋ᠦᠩᠨᠡᠵᠦ᠂ | ᠮᠠᠨ ᠤ ᠣᠷᠣᠨ ᠤ ᠠᠵᠢᠯ ᠮᠡᠷᠭᠡᠵᠢᠯ ᠤᠨ ᠪᠠᠭᠰᠢ ᠶᠢᠨ ᠶᠡᠭᠡ ᠳᠡᠭᠡᠳᠦ ᠰᠤᠷᠭᠠᠭᠤᠯᠢ ᠪᠠᠶᠢᠭᠤᠯᠬᠤ ᠶᠢᠨ ᠴᠢᠬᠤᠯᠠ ᠴᠢᠨᠠᠷ ᠪᠠ ᠳᠠᠪᠠᠭᠤᠯᠢᠭ ᠴᠢᠨᠠᠷ ᠢ ᠭᠦᠨᠵᠡᠭᠡᠢ | ᠵᠠᠳᠠᠯᠵᠤ᠂ ᠡᠨᠡ ᠤᠳᠠᠭ᠎ᠠ ᠤᠳᠠᠯ ᠦᠭᠡᠢ ᠳᠡᠪᠰᠢᠭᠦᠯᠬᠦ ᠭᠡᠵᠦ ᠪᠠᠶᠢᠭ᠎ᠠ ᠮᠠᠨ ᠤ ᠣᠷᠣᠨ ᠤ ᠠᠵᠢᠯ ᠮᠡᠷᠭᠡᠵᠢᠯ ᠤᠨ ᠪᠠᠭᠰᠢ ᠶᠢᠨ ᠶᠡᠭᠡ ᠳᠡᠭᠡᠳᠦ ᠰᠤᠷᠭᠠᠭᠤᠯᠢ ᠶᠢ ᠳᠠᠷᠤᠢ | ᠲᠦᠷᠭᠡᠨ ᠪᠠᠶᠢᠭᠤᠯᠬᠤ ᠲᠤᠬᠠᠢ ᠰᠠᠨᠠᠯ ᠳᠤᠷᠠᠳᠤᠯᠭ᠎ᠠ ᠶᠢ ᠪᠦᠷᠢᠯᠳᠦᠭᠦᠯᠪᠡ᠃ ᠲᠡᠷᠡ᠂ ᠮᠠᠨ ᠤ ᠣᠷᠣᠨ ᠳᠤ ᠠᠵᠢᠯ ᠮᠡᠷᠭᠡᠵᠢᠯ ᠤᠨ ᠪᠠᠭᠰᠢ ᠶᠢᠨ ᠶᠡᠭᠡ ᠳᠡᠭᠡᠳᠦ | ᠰᠤᠷᠭᠠᠭᠤᠯᠢ ᠶᠢ ᠲᠤᠰᠠᠭᠠᠷ ᠲᠣᠬᠢᠷᠠᠭᠤᠯᠤᠭᠠᠳᠤᠢ ᠪᠠᠶᠢᠭ᠎ᠠ ᠬᠤᠭᠤᠰᠤᠨ ᠢ ᠨᠥᠬᠦᠪᠦᠷᠢᠯᠡᠵᠦ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡᠯ ᠵᠣᠬᠢᠨ᠎ᠠ ᠭᠡᠵᠦ ᠰᠠᠨᠠᠭᠤᠯᠵᠤ ᠪᠠᠶᠢᠯ᠎ᠠ᠃ | ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯ ᠨᠢᠭᠡ ᠵᠦᠢᠯ ᠤᠨ ᠢᠷᠠᠭᠤ ᠠᠯᠳᠠᠷ ᠮᠥᠨ᠂ ᠪᠠᠰᠠ ᠴᠤ ᠬᠠᠷᠢᠭᠤᠴᠠᠯᠭ᠎ᠠ ᠮᠥᠨ᠂ ᠬᠤᠶᠢᠰᠢᠳᠠ ᠪᠢ | ᠦᠷᠭᠦᠯᠵᠢᠯᠡᠨ ᠰᠤᠷᠤᠯᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ | ᠬᠦᠴᠦᠨ ᠴᠢᠳᠠᠯ ᠢᠶᠠᠨ ᠡᠷᠭᠦᠨ᠎ᠡ︾ ᠭᠡᠵᠦ ᠰᠦᠨ ᠳ᠋ᠧ ᠰᠢᠨ ᠵᠣᠷᠢᠭ ᠢᠶᠠᠨ ᠢᠯᠡᠳᠬᠡᠨ᠎ᠡ᠃ | | | |