ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠨ ᠬᠥᠭᠵᠢᠭᠦᠯᠦᠶ᠎ᠡ
ᠨᠡᠶᠢᠲᠡᠯᠡᠭᠰᠡᠨ ᠴᠠᠭ᠄
2025/2/5
       ᠲᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠲᠤᠮᠳᠠᠳᠤ ᠶᠢᠨ ᠦᠨᠳᠦᠰᠦᠲᠡᠨ ᠤ  ᠦᠨᠳᠦᠰᠦ ᠪᠠ ᠰᠦᠭ ᠰᠦᠨᠡᠰᠦ ᠮᠥᠨ᠃ ᠰᠣᠶᠣᠯ ᠪᠣᠯ  ᠬᠥᠮᠥᠰ ᠤᠨ ᠰᠡᠳᠬᠢᠯ ᠢ ᠨᠢᠭᠲᠠᠷᠠᠭᠤᠯᠬᠤ ᠦᠵᠡᠯ ᠰᠠᠨᠠᠭᠠᠨ ᠤ  ᠬᠤᠯᠪᠣᠭᠠᠰᠤ᠂ ᠮᠥᠨ ᠴᠧ ᠠᠷᠠᠳ ᠤᠯᠠᠨ ᠪ᠊ ᠠᠮᠤᠷ ᠵᠢᠷᠭᠠᠯᠲᠠᠢ ᠠᠵᠤ ᠲᠦᠷᠦᠭᠦ ᠶᠢᠨ ᠵᠠᠩᠭᠢᠯᠠᠭ᠎ᠠ ᠶᠢᠨ ᠡᠯᠧᠮᠧᠨ᠋ᠲ ᠪᠠᠶᠢᠵᠤ᠂ ᠨᠡᠩ ᠴᠤ ᠦᠨᠳᠦᠰᠦᠲᠡᠨ ᠤ ᠰᠣᠶᠣᠯ ᠤᠨ ᠠᠮᠢᠨ ᠰᠤᠳᠠᠰᠤ ᠶᠢ ᠵᠠᠯᠭᠠᠮᠵᠢᠯᠠᠬᠤ᠂ ᠰᠣᠶᠣᠯ ᠤᠨ ᠭᠤᠯᠣᠮᠲᠠ ᠶᠢ ᠪᠠᠳᠠᠷᠠᠭᠠᠬᠤ ᠲᠠᠢ  ᠬᠤᠯᠪᠣᠭᠳᠠᠨ᠎ᠠ᠃ ᠦᠨᠳᠦᠰᠦᠲᠡᠨ ᠤ ᠤᠯᠠᠮᠵᠢᠯᠠᠯᠲᠤ ᠰᠣᠶᠣᠯ ᠢ ᠬᠠᠮᠠᠭᠠᠯᠠᠬᠤ ᠨᠢ ᠲᠡᠦᠬᠡ ᠪᠠ ᠤᠯᠠᠮᠵᠢᠯᠠᠯ ᠤᠨ ᠲᠤᠬᠠᠢ ᠬᠦᠨᠳᠦᠳᠬᠡᠯ ᠪᠤᠯᠬᠤ ᠪᠠᠷ ᠦᠯᠦ ᠪᠠᠷᠠᠮ  ᠪᠠᠰᠠ ᠢᠷᠡᠭᠡᠳᠦᠢ ᠶᠢᠨ ᠬᠥᠭᠵᠢᠯᠲᠡ ᠶᠢᠨ ᠪᠠᠲᠤᠯᠠᠭ᠎ᠠ ᠮᠥᠨ᠃ ᠡᠯ᠎ᠡ ᠦᠨᠳᠦᠰᠦᠲᠡᠨ ᠤ  ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠬᠠᠮᠠᠭᠠᠯᠠᠵᠤ᠂ ᠰᠠᠶᠢᠲᠤᠷ  ᠤᠯᠠᠮᠵᠢᠯᠠᠨ᠂ ᠰᠠᠶᠢᠲᠤᠷ ᠬᠥᠭᠵᠢᠭᠦᠯᠵᠦ᠂ ᠡᠯ᠎ᠡ ᠦᠨᠳᠦᠰᠦᠲᠡᠨ ᠤ  ᠰᠣᠶᠣᠯ ᠤᠨ ᠪᠦᠲᠦᠭᠡᠯᠴᠢ ᠴᠢᠨᠠᠷ ᠢ ᠬᠤᠪᠢᠷᠠᠭᠤᠯᠵᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ ᠨᠢ ᠯᠠᠪᠲᠠᠢ ᠡᠯ᠎ᠡ ᠦᠨᠳᠦᠰᠦᠲᠡᠨ ᠤ  ᠬᠠᠷᠢᠯᠴᠠᠨ ᠶᠠᠪᠤᠯᠴᠠᠵᠤ ᠬᠠᠷᠢᠯᠴᠠᠨ ᠠᠭᠤᠰᠤᠯᠴᠠᠬᠤ ᠶᠢ ᠲᠦᠯᠬᠢᠨ ᠠᠬᠢᠭᠤᠯᠵᠤ᠂ ᠠᠷᠠᠳ ᠲᠦᠮᠡᠨ ᠤ  ᠤᠶᠤᠨ ᠤ ᠠᠮᠢᠳᠤᠷᠠᠯ ᠢ ᠨᠡᠩ ᠪᠠᠶᠠᠯᠢᠭᠵᠢᠭᠤᠯᠬᠤ ᠪᠣᠯᠣᠨ᠎ᠠ᠃ ᠲᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠯᠠᠪᠳᠠᠭᠤᠨ ᠪᠠᠲᠤᠲᠠᠢ ᠬᠠᠮᠠᠭᠠᠯᠠᠬᠤ᠂  ᠤᠯᠠᠮᠵᠢᠯᠠᠬᠤ᠂ ᠬᠥᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠬᠢᠪᠡᠯ ᠰᠠᠶ᠋ᠢ ᠲᠤᠮᠳᠠᠳᠤ ᠶᠢᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠬᠦ  ᠪᠣᠯᠣᠨ᠎ᠠ᠃        ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯ  ᠡᠯ᠎ᠡ ᠦᠨᠳᠦᠰᠦᠲᠡᠨ ᠤ ᠲᠡᠦᠬᠡ ᠶᠢᠨ ᠤᠷᠳᠤ ᠤᠳᠠᠭᠠᠨ ᠬᠥᠭᠵᠢᠯᠲᠡ ᠶᠢᠨ ᠶᠠᠪᠤᠴᠠ ᠳᠤᠮᠳᠠ ᠪᠤᠢ  ᠪᠣᠯᠤᠭᠰᠠᠨ ᠤᠨᠴᠠᠭᠠᠢ ᠰᠣᠶᠣᠯ ᠤᠨ ᠦᠵᠡᠭᠳᠡᠯ ᠪᠠᠶᠢᠵᠤ᠂  ᠦᠨᠳᠦᠰᠦᠲᠡᠨ ᠤ  ᠤᠯᠠᠮᠵᠢᠯᠠᠯᠲᠤ ᠰᠣᠶᠣᠯ ᠢ ᠬᠠᠮᠠᠭᠠᠯᠠᠨ ᠤᠯᠠᠮᠵᠢᠯᠠᠬᠤ ᠳᠤ ᠦᠨᠳᠦᠰᠦᠲᠡᠨ ᠤ  ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠬᠦ ᠪᠠᠷ ᠦᠯᠦ ᠪᠠᠷᠠᠮ ᠪᠠᠰᠠ ᠰᠣᠶᠣᠯ ᠤᠨ ᠤᠬᠠᠮᠰᠠᠷ ᠢ ᠲᠡᠭᠡᠭᠰᠢᠯᠡᠭᠦᠯᠵᠤ᠂ ᠰᠣᠶᠣᠯ ᠤᠨ ᠢᠲᠡᠭᠡᠯ ᠢ  ᠪᠠᠲᠤᠳᠬᠠᠬᠤ  ᠪᠣᠯᠣᠨ᠎ᠠ᠃        ᠦᠨᠳᠦᠰᠦᠲᠡᠨ ᠤ ᠰᠣᠶᠣᠯ ᠪᠣᠯ ᠲᠤᠮᠳᠠᠳᠤ ᠶᠢᠨ ᠰᠣᠶᠣᠯ ᠤᠷᠠᠯᠢᠭ ᠤᠨ ᠡᠷᠳᠡᠨᠢ ᠶᠢᠨ ᠬᠥᠮᠥᠷᠭᠡ ᠳᠠᠬᠢ ᠦᠵᠡᠰᠬᠦᠯᠡᠩᠲᠦ ᠵᠢᠷᠤᠭ ᠤᠨ ᠨᠢᠭᠡᠨ  ᠪᠦᠷᠢᠯᠳᠦᠭᠦᠨ ᠪᠠᠶᠢᠵᠤ᠂ ᠲᠤᠮᠳᠠᠳᠤ ᠶᠢᠨ ᠰᠣᠶᠣᠯ ᠤᠨ ᠳᠠᠶᠠᠭᠠᠷᠴᠢᠯᠠᠯᠲᠠ᠂ ᠪᠣᠯᠪᠠᠰᠤᠨ ᠤ ᠰᠣᠯᠢᠯᠴᠠᠭ᠎ᠠ ᠶᠠᠪᠤᠯᠴᠠᠭ᠎ᠠ᠂ ᠬᠥᠮᠥᠨ ᠲᠥᠷᠥᠯᠬᠢᠲᠡᠨ ᠤ  ᠪᠣᠯᠪᠠᠰᠤᠨ ᠤ   ᠬᠥᠭᠵᠢᠯᠲᠡ ᠲᠠᠪᠰᠢᠯᠳᠡ ᠶᠢᠨ ᠳᠣᠲᠣᠭᠠᠳᠤ ᠱᠠᠭᠠᠷᠳᠠᠯᠭ᠎ᠠ ᠶᠢ ᠠᠬᠢᠭᠤᠯᠵᠤ᠂ ᠲᠤᠮᠳᠠᠳᠤ ᠶᠢᠨ ᠰᠣᠶᠣᠯ ᠨᠢ ᠬᠥᠮᠥᠨ ᠲᠥᠷᠥᠯᠬᠢᠲᠡᠨ ᠤ  ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠳᠡᠯᠡᠬᠡᠢ ᠳᠠᠶᠠᠭᠠᠷ ᠲᠤᠮᠳᠠᠳᠤ ᠤᠯᠤᠰ ᠢ ᠣᠶᠢᠯᠠᠭᠠᠬᠤ ᠳᠤ ᠦᠢᠯᠡᠴᠢᠯᠡᠬᠦ ᠪᠣᠯᠣᠨ᠎ᠠ᠃ ᠡᠯ᠎ᠡ  ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠤᠨᠴᠠᠭᠠᠢ ᠴᠢᠨᠠᠷ ᠪᠣᠯᠣᠨ ᠨᠡᠶᠢᠲᠡᠯᠢᠭ ᠴᠢᠨᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ  ᠰᠣᠶᠣᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤᠮᠳᠠᠬᠢ ᠯᠤᠲᠤ ᠶᠡᠭᠡ ᠲᠠᠯᠳᠠ ᠬᠦᠴᠦᠨ ᠢ ᠪᠠᠳᠠᠷᠠᠭᠤᠯᠬᠤ  ᠨᠢ ᠬᠥᠳᠡᠭᠡ  ᠲᠤᠰᠬᠤᠨ ᠢ ᠬᠥᠭᠵᠢᠭᠦᠯᠦᠨ ᠮᠠᠨᠳᠤᠭᠤᠯᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢ ᠲᠠᠶᠢᠴᠢᠯᠠᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠭᠦᠭ ᠠᠶᠠᠰ ᠢ  ᠴᠢᠪᠬᠠᠳᠠᠵᠤ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠣᠨ᠎ᠠ᠃        ᠤᠯᠠᠮᠵᠢᠯᠠᠯᠲᠤ ᠰᠣᠶᠣᠯ ᠢ ᠤᠯᠠᠨ ᠤ ᠠᠩᠬᠠᠷᠤᠯ ᠳᠤ ᠬᠦᠷᠭᠡᠵᠦ᠂ ︽ᠪᠣᠳᠠᠰ ᠤᠨ ᠪᠤᠰᠤ ᠰᠣᠶᠣᠯ ᠤᠨ ᠥᠪ︾᠎ ᠢ ᠠᠷᠠᠳ ᠤᠨ ᠠᠮᠢᠳᠤᠷᠠᠯ ᠳᠤ ᠤᠷᠤᠭᠤᠯᠬᠤ ᠨᠢ  ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠱᠠᠭᠠᠷᠳᠠᠬᠤ ᠪᠠᠷ ᠪᠠᠷᠠᠬᠤ ᠦᠭᠡᠢ᠂ ᠪᠦᠭᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠳᠤ ᠲᠦᠰᠢᠭᠯᠡᠨ᠎ᠡ᠃ ᠭᠡᠷᠡᠯ  ᠰᠠᠴᠤᠷᠠᠩᠭᠤᠢ ᠦᠨᠳᠦᠰᠦᠲᠡᠨ ᠤ  ᠤᠯᠠᠮᠵᠢᠯᠠᠯᠲᠤ ᠰᠣᠶᠣᠯ ᠨᠢ ᠲᠤᠮᠳᠠᠳᠤ ᠶᠢᠨ ᠰᠣᠶᠣᠯ ᠤᠨ ᠭᠧᠨ ᠪᠣᠯᠣᠨ ᠤᠶᠤᠨ ᠰᠦᠨᠡᠰᠦ ᠶᠢ ᠠᠴᠢᠶᠠᠯᠠᠨ᠂ ᠰᠣᠶᠣᠯ ᠤᠨ  ᠪᠦᠲᠦᠭᠡᠯᠴᠢ ᠬᠦᠴᠦᠨ ᠤ  ᠨᠢᠭᠤᠴᠠ ᠨᠣᠮᠧᠷ ᠪᠣᠯᠣᠨ ᠬᠥᠳᠡᠯᠭᠡᠭᠴᠢ ᠬᠦᠴᠦᠨ ᠢ  ᠠᠭᠤᠯᠵᠤ ᠪᠠᠶᠢᠭ᠎ᠠ ᠤᠴᠢᠷ ᠠᠴᠠ ᠦᠨᠳᠦᠰᠦᠲᠡᠨ ᠤ  ᠰᠢᠯᠢᠳᠡᠭ ᠤᠯᠠᠮᠵᠢᠯᠠᠯᠲᠤ  ᠰᠣᠶᠣᠯ ᠢ ᠨᠡᠩ ᠰᠠᠶᠢᠲᠤᠷ ᠬᠠᠮᠠᠭᠠᠯᠠᠵᠤ ᠬᠥᠭᠵᠢᠭᠦᠯᠬᠦ ᠨᠢ ᠴᠢᠬᠤᠯᠠ ᠶᠤᠮ᠃          
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ