ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠰᠠᠶᠢᠲᠤᠷ ᠠᠳᠬᠤᠰᠤᠭᠠᠢ
ᠨᠡᠶᠢᠲᠡᠯᠡᠭᠰᠡᠨ ᠴᠠᠭ᠄
2025/2/5
       - ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ  ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠨᠢᠭᠡᠨᠲᠡ ᠥᠭᠦᠯᠡᠬᠦ ᠨᠢ        ᠵᠠᠩᠭᠢᠯᠠᠭ᠎ᠠ ᠶᠢᠨ ᠵᠢᠯ ᠤᠨ ᠵᠠᠩᠭᠢᠯᠠᠭ᠎ᠠ ᠶᠢᠨ ᠪᠠᠶᠢᠷᠢᠯᠠᠭᠤᠯᠤᠯᠲᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ  ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠶᠡᠭᠡ ᠬᠠᠨᠳᠤᠰᠢ ᠶᠢ ᠡᠵᠡᠮᠳᠡᠵᠦ᠂ ᠶᠡᠭᠡ ᠶᠠᠪᠤᠳᠠᠯ ᠢ  ᠲᠥᠯᠥᠪᠵᠢᠭᠦᠯᠵᠦ᠂ 2025 ᠣᠨ ᠳᠤ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂  ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂  ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠵᠡᠷᠭᠡ ︽ᠵᠢᠷᠭᠤᠭᠠᠨ ᠠᠵᠢᠯᠯᠠᠭ᠎ᠠ︾᠎ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ  ᠭᠡᠵᠦ ᠴᠢᠬᠤᠯᠠᠴᠢᠯᠠᠪᠠ᠃ ᠡᠭᠦᠨ ᠳᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠨᠢ ︽ᠵᠢᠷᠭᠤᠭᠠᠨ ᠠᠵᠢᠯᠯᠠᠭ᠎ᠠ︾᠎ ᠶᠢᠨ ᠨᠢᠭᠡᠳᠦᠭᠡᠷ  ᠠᠵᠢᠯᠯᠠᠭ᠎ᠠ ᠪᠣᠯᠤᠭᠰᠠᠨ ᠤ ᠬᠤᠪᠢ ᠳᠤ᠂ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ  ᠬᠤᠷᠠᠮᠳᠤᠭᠤᠯᠬᠤ ᠪᠠ ᠴᠢᠩᠭᠠᠳᠬᠠᠬᠤ ᠴᠢᠬᠤᠯᠠ ᠡᠭᠦᠷᠭᠡ ᠶᠢ ᠠᠴᠢᠶᠠᠯᠠᠵᠤ ᠪᠠᠶᠢᠳᠠᠭ᠃        ᠴᠢᠬᠤᠯᠠ ᠶᠡᠭᠡ ᠲᠦᠷᠦᠯ ᠵᠦᠢᠯ ᠪᠣᠯ ᠨᠡᠮᠡᠭᠳᠡᠯ ᠤᠨ ︽ᠲᠣᠭᠲᠠᠪᠤᠷᠢᠵᠢᠭᠤᠯᠤᠭᠴᠢ︾ ᠪᠣᠯᠣᠨ᠎ᠠ᠂ ᠪᠠᠰᠠ ᠴᠤ ᠠᠵᠤ ᠠᠬᠤᠢ ᠶᠢᠨ ᠴᠢᠨᠠᠷ ᠰᠠᠶᠢᠲᠠᠢ  ᠬᠥᠭᠵᠢᠯᠲᠡ ᠶᠢ ᠪᠡᠶᠡᠯᠡᠭᠦᠯᠬᠦ ᠬᠥᠳᠡᠯᠭᠡᠬᠦ ᠬᠦᠴᠦᠨ ᠤ ᠡᠬᠢ ᠰᠤᠷᠪᠤᠯᠵᠢ ᠪᠣᠯᠣᠨ᠎ᠠ᠃ ᠥᠪᠥᠷ ᠮᠣᠩᠭᠤᠯ ᠤᠨ ᠠᠵᠤ ᠠᠬᠤᠢ ᠶᠢᠨ ᠨᠡᠮᠡᠭᠳᠡᠯ ᠭᠤᠣᠯᠳᠠᠭᠤ ᠪᠡᠯᠡ  ᠣᠷᠣᠭᠤᠯᠤᠯᠲᠠ ᠳᠤ ᠲᠦᠰᠢᠭᠯᠡᠵᠦ᠂ ᠪᠡᠯᠡ ᠣᠷᠣᠭᠤᠯᠤᠯᠲᠠ ᠭᠤᠣᠯᠳᠠᠭᠤ ᠲᠥᠷᠥᠯ ᠵᠦᠢᠯ ᠳᠤ ᠲᠦᠰᠢᠭᠯᠡᠨ᠎ᠡ᠃ ︽ᠵᠢᠷᠭᠤᠭᠠᠨ ᠠᠵᠢᠯᠯᠠᠭ᠎ᠠ︾᠎ ᠶᠢ ᠵᠣᠬᠢᠶᠠᠨ  ᠪᠠᠶᠢᠭᠤᠯᠵᠤ ᠥᠷᠨᠢᠭᠦᠯᠬᠦ ᠳᠤ᠂ ᠨᠢᠭᠡᠳᠦᠭᠡᠷ ᠨᠢ ᠳᠠᠷᠤᠢ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠪᠣᠯᠣᠨ᠎ᠠ᠂ ᠡᠨᠡ ᠪᠣᠯ ᠲᠤᠶᠢᠯ ᠤᠨ  ᠴᠢᠬᠤᠯᠠ ᠠᠵᠢᠯ ᠤᠨ ᠭᠠᠷᠳᠠᠴᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠥᠪᠡᠷᠲᠡᠭᠡᠨ  ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠳᠠᠷᠤᠢ ᠲᠦᠷᠭᠡᠨ ᠨᠢᠭᠡᠳᠬᠡᠵᠦ᠂ ᠴᠢᠬᠤᠯᠠ ᠶᠡᠭᠡ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠯᠭᠠᠮ ᠴᠢᠨᠠᠷ ᠢ ᠭᠦᠢᠴᠡᠳ ᠲᠠᠨᠢᠵᠤ᠂ ᠲᠣᠭᠲᠠᠭᠰᠠᠨ ᠪᠠᠶᠢᠷᠢᠯᠠᠭᠤᠯᠤᠯᠲᠠ ᠳᠤ ᠦᠷᠭᠦᠯᠵᠢᠯᠡᠨ ᠬᠦᠴᠦᠯᠡᠵᠦ᠂ ᠴᠢᠬᠤᠯᠠ  ᠶᠡᠭᠡ ᠲᠥᠷᠥᠯ ᠵᠦᠢᠯ ᠢ ᠲᠡᠷᠡ ᠶᠣᠰᠣᠭᠠᠷ ᠨᠢ ᠰᠠᠶᠢᠲᠤᠷ ᠲᠥᠯᠥᠪᠯᠡᠵᠦ ᠰᠠᠶᠢᠲᠤᠷ ᠪᠡᠯᠡᠳᠬᠡᠨ ᠰᠠᠶᠢᠲᠤᠷ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ  ᠰᠠᠭᠤᠷᠢ ᠶᠢ ᠪᠦᠭᠦ ᠬᠦᠴᠦᠨ ᠢᠶᠠᠷ ᠢᠶᠠᠨ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠨᠥᠭᠡᠴᠡ ᠬᠦᠴᠦᠨ ᠢ ᠭᠦᠢᠴᠡᠳ ᠨᠥᠭᠡᠴᠡᠯᠡᠬᠦ ᠬᠡᠷᠡᠭᠲᠡᠢ᠃        ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠤᠷᠢᠲᠠᠯ ᠪᠣᠯ ᠨᠥᠭᠡᠴᠡ ᠶᠢ ᠭᠦᠢᠴᠡᠳ ᠪᠠᠶᠢᠯᠭᠠᠬᠤ  ᠶᠠᠪᠤᠳᠠᠯ ᠪᠣᠯᠣᠨ᠎ᠠ᠃ ᠶᠡᠭᠡ ᠲᠦᠷᠦᠯ ᠵᠦᠢᠯ ᠢ ᠶᠡᠭᠡ ᠪᠠᠷ ᠬᠥᠭᠵᠢᠭᠦᠯᠵᠦ᠂ ᠤᠯᠠᠨ ᠲᠦᠷᠦᠯ ᠵᠦᠢᠯ ᠢ ᠲᠦᠷᠭᠡᠨ ᠬᠥᠭᠵᠢᠭᠦᠯᠬᠦ ᠪᠣᠯ ᠦᠢᠯᠡᠳᠦᠯᠭᠡ ᠪᠠᠷ  ᠭᠡᠷᠡᠴᠢᠯᠡᠭᠳᠡᠭᠰᠡᠨ ᠠᠮᠵᠢᠯᠲᠠ ᠲᠠᠢ ᠲᠤᠷᠰᠢᠯᠭ᠎ᠠ ᠮᠥᠨ᠃ ᠪᠦᠭᠦ ᠣᠷᠣᠨ ᠤ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠤᠨ ᠠᠯᠢ  ᠣᠯᠠᠨ ᠠᠰᠢᠭᠲᠠᠢ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ  ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ  ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠵᠢᠴᠢ ᠡᠯ᠎ᠡ ᠶᠠᠮᠤᠨ ᠵᠥᠪᠯᠡᠯ ᠤᠨ  ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠢ ᠭᠦᠢᠴᠡᠳ ᠠᠰᠢᠭᠯᠠᠵᠤ᠂ ᠨᠥᠭᠡᠴᠡᠯᠡᠬᠦ ᠬᠥᠮᠥᠷᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠶᠡᠷᠦᠩᠬᠡᠢ ᠬᠡᠪᠴᠢᠶ᠎ᠡ ᠶᠢ  ᠥᠷᠭᠡᠳᠬᠡᠬᠦ ᠬᠡᠷᠡᠭᠲᠡᠢ᠃ ᠤᠯᠤᠰ ᠠᠴᠠ ᠶᠠᠭᠤ ᠶᠢ ᠵᠣᠷᠢᠭᠵᠢᠭᠤᠯᠬᠤ᠂ ᠥᠪᠡᠷᠲᠡᠭᠡᠨ ᠵᠠᠰᠠᠬᠤ ᠣᠷᠣᠨ ᠳᠤ ᠶᠠᠭᠤ ᠪᠠᠴᠢᠮ ᠲᠤᠲᠠᠭᠳᠠᠵᠤ ᠪᠠᠶᠢᠬᠤ᠂ ᠵᠠᠬ᠎ᠠ ᠳᠡᠯᠭᠡᠭᠦᠷ ᠲᠤ  ᠶᠠᠮᠠᠷ ᠬᠡᠷᠡᠭᠴᠡᠭᠡ ᠲᠠᠢ ᠪᠠᠶᠢᠬᠤ ᠶᠢ ᠰᠤᠳᠤᠯᠤᠨ ᠲᠣᠳᠣᠷᠬᠠᠶᠢᠯᠠᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠪᠣᠯᠣᠨ ᠰᠢᠩᠭᠡᠭᠡᠬᠦ ᠴᠢᠳᠠᠪᠤᠷᠢ ᠶᠢ  ᠳᠡᠭᠡᠭᠰᠢᠯᠡᠭᠦᠯᠭᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠬᠦ ᠵᠡᠷᠭᠡ ᠶᠢᠨ ᠲᠣᠭᠤᠷᠢᠨ ᠳᠤ᠂ ᠨᠢᠭᠡ ᠪᠦᠯᠦᠭ  ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠵᠦ᠂ ᠳᠦᠷᠦᠯ ᠵᠦᠢᠯ ᠤᠨ ᠨᠥᠭᠡᠴᠡ ᠶᠢᠨ  ᠣᠨᠣᠪᠴᠢᠲᠤ ᠴᠢᠨᠠᠷ ᠪᠣᠯᠣᠨ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠳᠤ ᠵᠠᠩᠭᠢᠯᠠᠭ᠎ᠠ ᠨᠢ ᠪᠠᠰᠠ ᠡᠷᠲᠡᠬᠡᠨ ᠵᠠᠪᠳᠤᠨ ᠲᠦᠷᠭᠡᠨ ᠬᠥᠳᠡᠯᠭᠡᠬᠦ ᠳᠤ  ᠪᠠᠶᠢᠨ᠎ᠠ᠃ ᠡᠨᠡ ᠵᠢᠯ ᠮᠠᠨ ᠤ ᠣᠷᠣᠨ ᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠣᠯᠤᠭᠰᠠᠨ ᠨᠢ ᠲᠥᠷᠥᠯ ᠵᠦᠢᠯ ᠤᠨ ᠠᠵᠢᠯ  ᠡᠬᠢᠯᠡᠭᠦᠯᠦᠭᠰᠡᠨ ᠨᠣᠷᠮ᠎ᠠ ᠥᠨᠳᠥᠷ ᠠᠴᠠ ᠪᠣᠯᠤᠭᠰᠠᠨ ᠶᠤᠮ᠃ ᠢᠷᠡᠬᠦ ᠵᠢᠯ ᠳᠤ ᠠᠵᠢᠯ ᠡᠬᠢᠯᠡᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠪᠠᠲᠤᠯᠠᠵᠤ᠂ ᠬᠢᠨᠠᠨ  ᠵᠥᠪᠰᠢᠶᠡᠷᠡᠬᠦ ᠬᠤᠷᠳᠤᠴᠠ ᠶᠢ ᠲᠦᠷᠭᠡᠳᠬᠡᠨ᠂ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠠᠳᠬᠤᠨ᠂ ᠭᠠᠵᠠᠷ  ᠰᠢᠷᠣᠢ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠨᠢᠭᠡ ᠨᠢ ᠪᠣᠯᠪᠠᠰᠤᠷᠠᠩᠭᠤᠢ ᠪᠣᠯᠪᠠᠯ ᠨᠢᠭᠡ ᠶᠢ ᠭᠤᠶᠤᠴᠢᠯᠠᠨ ᠮᠡᠳᠡᠭᠦᠯᠵᠦ᠂  ᠨᠢᠭᠡ ᠶᠢ ᠨᠢ ᠴᠣᠬᠤᠯᠠᠪᠤᠷᠢᠯᠠᠪᠠᠯ ᠨᠢᠭᠡ ᠶᠢ ᠨᠢ ᠠᠵᠢᠯ ᠡᠬᠢᠯᠡᠭᠦᠯᠬᠦ ᠬᠡᠷᠡᠭᠲᠡᠢ᠃ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠪᠠᠯ ᠰᠠᠶ᠋ᠢ  ᠦᠢᠯᠡᠳᠪᠦᠷᠢᠯᠡᠯ ᠤᠨ ᠬᠦᠴᠦᠨ ᠢ ᠡᠷᠲᠡᠬᠡᠨ ᠪᠤᠢ ᠪᠤᠯᠭᠠᠵᠤ᠂ ᠨᠡᠮᠡᠭᠳᠡᠯ ᠦᠷᠳᠡᠭ ᠢ ᠳᠡᠭᠡᠭᠰᠢᠯᠡᠭᠦᠯᠦᠨ᠂ GDP ᠶᠢ ᠲᠠᠶᠢᠴᠢᠯᠠᠵᠤ ᠴᠢᠳᠠᠨ᠎ᠠ᠂ ᠨᠠᠵᠠᠭᠠᠢ ᠪᠠᠷ  ᠠᠵᠢᠭᠯᠠᠬᠤ ᠪᠤᠶᠤ ᠡᠬᠢ ᠪᠠᠶᠠᠯᠢᠭ ᠢ ᠬᠦᠷᠢᠶᠡᠯᠡᠨ ᠡᠵᠡᠯᠡᠵᠦ ᠵᠠᠪᠰᠢᠨ ᠳᠠᠯᠢᠮᠳᠠᠭᠤᠯᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠡᠬᠢ ᠪᠠᠶᠠᠯᠢᠭ ᠢ ᠰᠤᠯᠠ ᠲᠠᠯᠪᠢᠬᠤ ᠪᠠ  ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠢ᠃ ᠲᠥᠷᠥᠯ ᠵᠦᠢᠯ ᠢ ᠬᠤᠷᠳᠤᠨ ᠪᠠᠶᠢᠭᠤᠯᠤᠶ᠎ᠠ ᠭᠡᠪᠡᠯ᠂ ᠪᠡᠯᠡ ᠮᠥᠩᠭᠦ ᠵᠠᠪᠠᠯ ᠳᠠᠭᠠᠵᠤ ᠠᠮᠵᠢᠬᠤ ᠬᠡᠷᠡᠭᠲᠡᠢ᠃  ᠲᠥᠪ ᠤᠨ ᠰᠢᠯᠵᠢᠭᠦᠯᠦᠨ ᠲᠣᠭᠠᠴᠠᠭ᠎ᠠ ᠬᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ  ᠡᠷᠴᠢᠮ ᠢ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠶᠡᠭᠡ ᠪᠠᠷ ᠠᠳᠬᠤᠬᠤ ᠶᠢ ᠪᠠᠷᠢᠮᠲᠠᠯᠠᠵᠤ᠂ ᠠᠷᠭ᠎ᠠ ᠪᠦᠭᠦᠨ ᠢ  ᠰᠦᠪᠡᠭᠴᠢᠯᠡᠵᠦ ᠪᠠᠶᠢᠭᠠᠳ ᠲᠦᠷᠦᠯ ᠵᠦᠢᠯ ᠢ ᠤᠷᠤᠭᠰᠢᠲᠠᠢ ᠡᠬᠢᠯᠡᠭᠦᠯᠵᠦ᠂ ᠲᠦᠷᠭᠡᠨ ᠬᠥᠳᠡᠯᠭᠡᠬᠦ ᠳᠤ ᠬᠦᠴᠦᠨ ᠨᠡᠮᠡᠷᠢᠯᠡᠬᠦ ᠬᠡᠷᠡᠭᠲᠡᠢ᠃        ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠦᠷᠦᠯ ᠵᠦᠢᠯ ᠢ ᠲᠥᠯᠥᠪᠵᠢᠭᠦᠯᠬᠦ ᠪᠣᠯ ᠳᠠᠷᠤᠢ  ᠢᠷᠡᠭᠡᠳᠦᠢ ᠶᠢ ᠲᠥᠯᠥᠪᠵᠢᠭᠦᠯᠵᠦ ᠪᠠᠶᠢᠭ᠎ᠠ ᠶᠠᠪᠤᠳᠠᠯ ᠮᠥᠨ᠃ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ  ᠥᠷᠨᠢᠭᠦᠯᠬᠦ ᠳᠤ ᠥᠴᠥᠬᠡᠨ ᠴᠦ ᠬᠠᠰᠢ ᠶᠠᠰᠢ ᠪᠠᠶᠢᠵᠤ ᠪᠤᠯᠬᠤ ᠦᠭᠡᠢ᠂ ᠥᠴᠥᠬᠡᠨ ᠴᠦ ᠬᠤᠯᠢᠴᠠ ᠲᠠᠢ ᠪᠠᠶᠢᠵᠤ ᠪᠤᠯᠬᠤ ᠦᠭᠡᠢ᠃ ᠪᠦᠭᠦ ᠣᠷᠣᠨ ᠳᠠᠶᠠᠭᠠᠷ  ᠢᠮᠠᠭᠲᠠ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ ᠢ ᠰᠠᠶᠢᠲᠤᠷ ᠠᠳᠬᠤᠵᠤ᠂ ᠬᠠᠷᠢᠭᠤᠴᠠᠯᠭ᠎ᠠ  ᠡᠭᠦᠷᠭᠡᠯᠡᠯ ᠢᠶᠠᠨ ᠴᠢᠩᠭᠠᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠲᠦᠷᠦᠯ ᠵᠦᠢᠯ ᠢ ᠰᠦᠪᠡᠭᠴᠢᠯᠡᠵᠦ᠂ ᠴᠤᠴᠠᠯᠲᠠ ᠦᠭᠡᠢ ᠪᠠᠷ ᠲᠦᠷᠦᠯ ᠵᠦᠢᠯ ᠢ ᠭᠤᠶᠤᠴᠢᠯᠠᠨ᠂  ᠨᠢᠭᠡ ᠯᠡ ᠠᠮᠢᠰᠬᠤᠭ᠎ᠠ ᠪᠠᠷ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠲᠦᠷᠦᠯ ᠵᠦᠢᠯ ᠢ ᠡᠴᠦᠰ ᠲᠤᠨᠢ ᠲᠤᠯᠲᠠᠯ᠎ᠠ ᠠᠳᠬᠤᠵᠤ᠂ ᠪᠣᠳᠠᠲᠠᠢ ᠠᠵᠢᠯᠯᠠᠨ ᠲᠦᠷᠦ ᠶᠢᠨ  ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠢ ᠰᠠᠶᠢᠲᠤᠷ ᠬᠡᠷᠡᠭᠵᠢᠭᠦᠯᠵᠦ᠂ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠰᠡᠳᠬᠢᠯ ᠨᠢᠭᠡᠳᠦᠨ  ᠬᠦᠴᠦ ᠪᠠᠨ ᠬᠠᠮᠲᠤᠳᠬᠠᠵᠤ ᠪᠠᠶᠢᠭᠠᠳ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠰᠢᠯᠭᠠᠯᠲᠠ ᠶᠢᠨ ᠰᠡᠳᠦᠪ ᠢ ᠰᠠᠶᠢᠲᠤᠷ  ᠬᠠᠷᠢᠭᠤᠯᠵᠤ᠂ ᠡᠬᠡ ᠤᠯᠤᠰ ᠤᠨ ᠤᠮᠠᠷᠠᠲᠤ ᠶᠢᠨ ᠨᠡᠩ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠬᠤ ᠬᠡᠷᠡᠭᠲᠡᠢ᠃  
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ