︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠥᠩ ᠰᠢᠮᠡᠯᠢᠭ ᠭᠠᠵᠠᠷ ᠰᠢᠷᠣᠢ᠂ ᠥᠷᠭᠡᠨ ᠠᠭᠤᠳᠠᠮ ᠲᠠᠯ᠎ᠠ ᠨᠤᠲᠤᠭ᠂ ᠠᠷᠢᠭᠤᠨ ᠴᠡᠪᠡᠷ ᠭᠤᠣᠯ ᠤᠨ | ᠤᠰᠤ ᠶᠢ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠭᠡᠵᠦ ᠳᠤᠷᠠᠳᠴᠠᠢ᠃ ᠥᠪᠥᠷ ᠮᠣᠩᠭᠤᠯ ᠪᠣᠯ ᠪᠦᠭᠦ ᠤᠯᠤᠰ ᠤᠨ ᠰᠢᠷ᠎ᠠ ᠪᠤᠷᠴᠠᠭ ᠲᠠᠷᠢᠬᠤ | ᠳᠠᠪᠠᠭᠤᠯᠢᠭᠲᠤ ᠭᠠᠷᠤᠯᠲᠠ ᠶᠢᠨ ᠣᠷᠣᠨ ᠪᠠᠶᠢᠵᠤ᠂ ᠲᠠᠷᠢᠬᠤ ᠲᠠᠯᠠᠪᠠᠶ ᠪᠠᠷ ᠪᠦᠭᠦ ᠤᠯᠤᠰ ᠤᠨ ᠬᠤᠶᠠᠳᠤᠭᠠᠷ ᠲᠤ ᠵᠢᠭᠰᠠᠵᠤ᠂ ᠮᠠᠨ ᠤ ᠣᠷᠣᠨ ᠤ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠶᠠᠪᠤᠴᠠ ᠳᠤ ᠰᠢᠷ᠎ᠠ ᠪᠤᠷᠴᠠᠭ ᠤᠨ ᠠᠵᠤ ᠦᠢᠯᠡᠰ ᠤᠨ | ᠬᠥᠭᠵᠢᠯᠲᠡ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ︾ ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠤᠯᠠᠭᠠᠨᠬᠠᠳᠠ ᠬᠤᠲᠠ ᠶᠢᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠢᠷ᠎ᠠ ᠪᠤᠷᠴᠠᠭ ᠢᠳᠡᠭᠡᠨ ᠤ ᠪᠤᠷᠴᠠᠭ ᠤᠨ | ᠲᠥᠪ ᠤᠨ ᠳᠡᠳ᠋ ᠡᠷᠭᠢᠯᠡᠭᠴᠢ ᠵᠧᠦ ᠰᠢᠤᠸᠠᠢ ᠴᠤᠤ ᠬᠡᠯᠡᠨ᠎ᠡ᠃ | ᠵᠧᠦ ᠰᠢᠤᠸᠠᠢ ᠴᠤᠤ᠂ ᠣᠳᠣᠬᠠᠨ ᠳᠤ᠂ ᠮᠠᠨ ᠤ ᠤᠯᠤᠰ ᠤᠨ ᠰᠢᠷ᠎ᠠ ᠪᠤᠷᠴᠠᠭ ᠤᠨ ᠬᠡᠷᠡᠭᠯᠡᠭᠡ ᠶᠢᠨ ᠳᠤᠲᠠᠭᠤᠳᠠᠯ ᠶᠡᠭᠡ᠂ ᠰᠢᠷ᠎ᠠ ᠪᠤᠷᠴᠠᠭ ᠤᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ᠂ | ᠭᠡᠪᠡᠴᠦ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠳᠣᠣᠷ᠎ᠠ᠂ ᠦᠷ᠎ᠡ ᠠᠰᠢᠭ ᠥᠨᠳᠥᠷ ᠪᠢᠰᠢ ᠭᠡᠨ᠎ᠡ᠃ ᠰᠢᠷ᠎ᠠ ᠪᠤᠷᠴᠠᠭ ᠤᠨ ᠤᠨᠠᠯᠲᠠ ᠶᠢ | ᠳᠡᠭᠡᠭᠰᠢᠯᠡᠭᠦᠯᠭᠦ ᠳᠤ ᠳᠠᠷᠢᠬᠤ ᠲᠠᠯᠠᠪᠠᠶ ᠶᠢ ᠥᠷᠭᠡᠳᠬᠡᠬᠦ ᠪᠠ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠶᠢ ᠵᠡᠷᠭᠡ ᠪᠠᠷ ᠠᠳᠬᠤᠬᠤ ᠬᠡᠷᠡᠭᠲᠡᠢ᠃ | ᠲᠡᠷᠡ᠄︽ᠨᠢᠭᠡ ᠲᠠᠯ᠎ᠠ ᠪᠠᠷ᠂ ᠵᠦᠢ ᠵᠣᠬᠢᠰᠲᠠᠢ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ᠂ ᠵᠢᠱᠢᠶᠡᠯᠡᠪᠡᠯ ᠲᠠᠷᠢᠮᠠᠯ ᠤᠨ ᠨᠥᠬᠦᠪᠦᠷᠢ᠂ ᠡᠭᠡᠯᠵᠢᠯᠡᠨ ᠳᠠᠷᠢᠬᠤ ᠪᠠ | ᠥᠨᠵᠢᠭᠦᠯᠦᠨ ᠳᠠᠷᠢᠬᠤ ᠵᠡᠷᠭᠡ ᠪᠠᠷ ᠳᠠᠮᠵᠢᠨ᠂ ᠲᠠᠷᠢᠶᠠᠴᠢᠳ ᠤᠨ ᠰᠢᠷ᠎ᠠ ᠪᠤᠷᠴᠠᠭ ᠳᠠᠷᠢᠬᠤ ᠬᠡᠪᠴᠢᠶ᠎ᠡ ᠪᠠᠨ ᠨᠡᠮᠡᠭᠳᠡᠭᠦᠯᠬᠦ ᠶᠢ ᠵᠣᠷᠢᠬᠵᠢᠭᠤᠯᠤᠨ᠎ᠠ; ᠨᠥᠭᠦᠭᠡ | ᠲᠠᠯ᠎ᠠ ᠪᠠᠷ᠂ ᠬᠡᠪᠴᠢᠶᠡᠵᠢᠭᠦᠯᠦᠨ᠂ ᠪᠠᠷᠢᠮᠵᠢᠶᠠᠵᠢᠭᠤᠯᠤᠨ ᠳᠠᠷᠢᠬᠤ ᠶᠢ ᠠᠬᠢᠭᠤᠯᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ | ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠠᠰᠠ ᠡᠴᠦᠰ ᠤᠨ ᠬᠡᠯᠬᠢᠶ᠎ᠡ ᠶᠢᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠯᠦᠭᠡ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠣᠰ ᠭᠠᠵᠠᠷ ᠣᠷᠣᠨ ᠳᠤ ᠰᠢᠷ᠎ᠠ ᠪᠤᠷᠴᠠᠭ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ | ᠠᠵᠢᠯ ᠢ ᠥᠷᠨᠢᠭᠦᠯᠵᠦ᠂ ᠣᠯᠠᠨ ᠡᠰᠢᠵᠢᠭᠰᠡᠨ ᠰᠢᠷ᠎ᠠ ᠪᠤᠷᠴᠠᠭ ᠤᠨ ᠤᠭᠤᠷᠠᠭ ᠶᠡᠬᠡᠲᠡᠢ ᠢᠳᠡᠭᠡᠨ ᠢ ᠨᠡᠭᠡᠭᠡᠨ ᠬᠥᠭᠵᠢᠭᠦᠯᠵᠦ᠂ ᠲᠠᠷᠢᠶᠠᠯᠠᠩ ᠤᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠰᠢᠷ᠎ᠠ ᠪᠤᠷᠴᠠᠭ ᠢ ᠡᠳ᠋ᠰᠢᠭᠦᠯᠦᠨ ᠣᠨᠳᠣᠣᠰᠢᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠨᠡᠮᠡᠯᠲᠡ ᠥᠷᠲᠡᠭ ᠢ | ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ︾ ᠭᠡᠵᠦ | ᠰᠠᠨᠠᠭᠤᠯᠭ᠎ᠠ ᠪᠠᠨ ᠬᠡᠯᠡᠨ᠎ᠡ᠃ | ᠰᠢᠷ᠎ᠠ ᠪᠤᠷᠴᠠᠭ ᠤᠨ ᠤᠨᠠᠯᠲᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠴᠠ ᠰᠠᠯᠵᠤ ᠴᠢᠳᠠᠬᠤ ᠦᠭᠡᠢ | ᠶᠤᠮ᠂ ᠰᠢᠷ᠎ᠠ ᠪᠤᠷᠴᠠᠭ ᠤᠨ ᠦᠷ᠎ᠡ ᠡᠳ᠋ ᠤᠨ ᠡᠬᠢ ᠪᠠᠶᠠᠯᠢᠭ ᠢ ᠠᠭᠤᠳᠠᠯᠬᠤ ᠪᠠ ᠰᠢᠨ᠎ᠡ ᠶᠢ ᠡᠭᠦᠳᠬᠦ᠂ ᠵᠢᠱᠢᠶᠡᠯᠡᠪᠡᠯ ᠠᠮᠢᠳᠤ ᠪᠣᠳᠠᠰ ᠤᠨ ᠦᠷ᠎ᠡ ᠪᠣᠶᠢᠵᠢᠭᠤᠯᠬᠤ᠂ | ᠭᠧᠨ ᠨᠠᠶᠢᠷᠠᠭᠤᠯᠬᠤ ᠮᠡᠷᠭᠡᠵᠢᠯ ᠵᠡᠷᠭᠡ ᠶᠢ ᠨᠡᠮᠡᠭᠳᠡᠭᠦᠯᠵᠦ᠂ ᠲᠣᠰᠣ ᠶᠡᠬᠡᠲᠡᠢ᠂ ᠤᠭᠤᠷᠠᠭ ᠶᠡᠬᠡᠲᠡᠢ᠂ ᠰᠥᠷᠬᠦ ᠴᠢᠨᠠᠷ ᠴᠢᠩᠭ᠎ᠠ ᠰᠢᠷ᠎ᠠ ᠪᠤᠷᠴᠠᠭ ᠤᠨ ᠰᠢᠨ᠎ᠡ ᠡᠭᠦᠯᠳᠡᠷ ᠢ | ᠭᠤᠣᠯᠳᠠᠯᠭ᠎ᠠ ᠲᠠᠢ ᠪᠣᠶᠢᠵᠢᠭᠤᠯᠵᠤ᠂ ᠰᠢᠷ᠎ᠠ ᠪᠤᠷᠴᠠᠭ ᠤᠨ ᠡᠭᠦᠯᠳᠡᠷ ᠢᠵᠢᠯᠢᠰᠢᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠡᠰᠡᠷᠭᠦᠴᠡᠬᠦ ᠴᠢᠳᠠᠪᠤᠷᠢ ᠪᠠᠷ ᠪᠠᠭᠤᠷᠠᠢ | ᠵᠡᠷᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠮᠡᠷᠭᠡᠵᠢᠯ ᠤᠨ ᠲᠠᠯ᠎ᠠ ᠪᠠᠷ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠳᠠᠷᠢᠵᠤ ᠪᠣᠶᠢᠵᠢᠭᠤᠯᠬᠤ | ᠮᠡᠷᠭᠡᠵᠢᠯ᠂ ᠨᠠᠷᠢᠯᠢᠭ ᠣᠨᠣᠴᠠᠲᠠᠢ ᠪᠣᠷᠳᠣᠭᠤᠷ ᠣᠷᠣᠭᠤᠯᠬᠤ ᠪᠠ ᠣᠶᠤᠨᠴᠢ ᠪᠠᠷ ᠤᠰᠤᠯᠠᠬᠤ ᠮᠡᠷᠭᠡᠵᠢᠯ᠂ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠵᠡᠷᠭᠡ ᠶᠢ | ᠰᠤᠳᠤᠯᠤᠨ ᠨᠡᠭᠡᠭᠡᠨ ᠬᠤᠷᠠᠭᠤᠯᠵᠤ᠂ ᠰᠢᠷ᠎ᠠ ᠪᠤᠷᠴᠠᠭ ᠤᠨ ᠠᠵᠤ ᠦᠢᠯᠡᠰ ᠲᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠶᠢ | ᠳᠡᠭᠡᠭᠰᠢᠯᠡᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠪᠠ ᠳᠡᠯᠭᠡᠷᠡᠭᠦᠯᠬᠦ ᠶᠢ ᠴᠢᠩᠭᠠᠳᠬᠠᠵᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢ | ᠭᠦᠨᠵᠡᠭᠡᠢ ᠠᠭᠤᠰᠤᠯᠴᠠᠭᠤᠯᠤᠭᠰᠠᠨ ᠰᠢᠷ᠎ᠠ ᠪᠤᠷᠴᠠᠭ ᠢ ᠰᠢᠰᠲ᠋ᠧᠮᠵᠢᠭᠦᠯᠦᠨ ᠰᠤᠳᠤᠯᠬᠤ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠧᠦ ᠰᠢᠤᠸᠠᠢ ᠴᠤᠤ ᠬᠡᠯᠡᠪᠡ᠃ | | |