ᠸᠧᠨ ᠶᠠᠨ ᠯᠢᠨ ᠲᠥᠯᠥᠭᠡᠯᠡᠭᠴᠢ᠄ ᠬᠢᠶᠠᠭ ᠤᠨ ᠠᠵᠤ ᠦᠢᠯᠡᠰ ᠢ ᠨᠣᠭᠤᠭᠠᠷᠠᠭᠤᠯᠤᠯᠲᠠ ᠶᠢ ᠨᠡᠮᠡᠭᠳᠡᠭᠦᠯᠵᠦ ᠠᠷᠠᠳ ᠢ ᠪᠠᠶᠠᠵᠢᠭᠤᠯᠬᠤ ᠰᠢᠨ᠎ᠡ ᠦᠢᠯᠡᠰ  ᠪᠣᠯᠭᠠᠨ᠎ᠠ
ᠨᠡᠶᠢᠲᠡᠯᠡᠭᠰᠡᠨ ᠴᠠᠭ᠄
2025/2/5
       ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠵᠢᠯᠣᠭᠤᠳᠤᠮᠵᠢ ᠪᠤᠯᠭᠠᠵᠤ᠂ ᠠᠮᠢ ᠠᠬᠤᠢ ᠶᠢᠨ ᠠᠮᠤᠷ  ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠳᠤᠷᠠᠳᠪᠠ᠃ ᠣᠢ ᠰᠢᠭᠤᠢ ᠨᠤᠲᠤᠭ ᠪᠡᠯᠴᠢᠭᠡᠷ ᠤᠨ  ᠲᠣᠪᠴᠢᠶ᠎ᠠ ᠶᠢᠨ ᠠᠵᠢᠯᠲᠠᠨ ᠪᠣᠯᠤᠭᠰᠠᠨ ᠤ ᠬᠤᠪᠢ ᠳᠤ ᠪᠢ ᠥᠪᠡᠷ ᠤᠨ ᠬᠠᠷᠢᠭᠤᠴᠠᠯᠭ᠎ᠠ ᠪᠠᠨ ᠬᠦᠨᠳᠦ ᠶᠡᠭᠡ ᠭᠡᠳᠡᠭ ᠢ ᠭᠦᠨᠵᠡᠭᠡᠢ ᠣᠶᠢᠯᠠᠭᠠᠵᠤ ᠪᠠᠶᠢᠨ᠎ᠠ︾ ᠭᠡᠵᠦ  ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠨᠤᠲᠤᠭ  ᠪᠡᠯᠴᠢᠭᠡᠷ ᠤᠨ ᠲᠣᠪᠴᠢᠶ᠎ᠠ ᠶᠢᠨ ᠣᠶᠢᠵᠢᠭᠤᠯᠵᠤ ᠨᠣᠭᠤᠭᠠᠷᠠᠭᠤᠯᠬᠤ ᠲᠠᠰᠤᠭ ᠤᠨ ᠳᠠᠷᠤᠭ᠎ᠠ ᠸᠧᠨ ᠶᠠᠨ ᠯᠢᠨ ᠬᠡᠯᠡᠪᠡ᠃           ᠡᠪᠡᠰᠦᠨ ᠤ ᠠᠵᠤ ᠦᠢᠯᠡᠰ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ ᠠᠵᠤ ᠦᠢᠯᠡᠰ ᠮᠥᠨ᠃ ᠮᠠᠨ ᠤ ᠣᠷᠣᠨ ᠠᠮᠢ  ᠠᠬᠤᠢ ᠶᠢᠨ ᠪᠣᠳᠠᠲᠤ ᠪᠠᠶᠢᠳᠠᠯ ᠳᠤ ᠰᠠᠭᠤᠷᠢᠯᠠᠨ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠳᠤᠷᠠᠳᠤᠭᠰᠠᠨ ᠨᠢ  ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ  ᠠᠮᠤᠷ ᠲᠦᠪᠰᠢᠨ ᠤ ᠬᠠᠯᠬᠠᠪᠴᠢ ᠪᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ  ᠪᠦᠲᠦᠭᠡᠨ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠢᠶᠠᠭ ᠨᠢ ᠴᠢᠨᠠᠷ ᠰᠠᠶᠢᠲᠠᠢ᠂ ᠥᠨᠳᠥᠷ ᠤᠨᠠᠯᠲᠠ ᠲᠠᠢ᠂ ᠮᠠᠯᠵᠢᠬᠤ ᠳᠤ ᠳᠠᠭᠠᠭᠠᠮᠠᠭᠠᠢ  ᠵᠢᠴᠢ ᠭᠠᠩ ᠬᠠᠭᠰᠠᠷᠠᠭᠠᠨ ᠢ ᠡᠰᠡᠷᠭᠦᠴᠡᠬᠦ᠂ ᠲᠠᠴᠢᠷ ᠭᠠᠵᠠᠷ ᠲᠤ ᠲᠡᠰᠪᠦᠷᠢᠲᠡᠢ᠂ ᠳᠠᠪᠤᠰᠤ ᠬᠤᠵᠢᠷ ᠲᠤ ᠳᠠᠭᠠᠭᠠᠮᠠᠭᠠᠢ ᠵᠡᠷᠭᠡ ᠣᠨᠴᠠᠯᠢᠭ ᠲᠠᠢ ᠪᠠᠶᠢᠵᠤ᠂ ᠦᠬᠡᠷ ᠮᠣᠷᠢ  ᠬᠤᠨᠢᠨ ᠤ ᠢᠳᠡᠬᠦ ᠳᠤᠷᠠᠲᠠᠢ ︽ᠠᠮᠲᠠᠲᠤ ᠢᠳᠡᠭᠡᠨ︾ ᠪᠠᠶᠢᠵᠤ᠂ ᠠᠮᠢ ᠠᠬᠤᠢ ᠶᠢ ᠰᠡᠷᠭᠦᠭᠡᠬᠦ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ  ᠲᠣᠭᠲᠠᠭᠤᠨ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠬᠤ ᠪᠠᠷ ᠢᠶᠠᠨ ᠬᠢᠶᠠᠭ ᠤᠨ ᠠᠵᠤ ᠦᠢᠯᠡᠰ ᠢ ᠬᠥᠭᠵᠢᠭᠦᠯᠬᠦ ᠣᠷᠣᠨ ᠵᠠᠢ ᠮᠠᠰᠢ ᠥᠷᠭᠡᠨ  ᠶᠤᠮ᠃        ᠸᠧᠨ ᠶᠠᠨ ᠯᠢᠨ᠂ ᠬᠢᠶᠠᠭ ᠤᠨ ᠠᠵᠤ ᠦᠢᠯᠡᠰ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠤᠷᠢᠭ᠎ᠠ ᠱᠤᠭᠤᠮ ᠤᠨ ᠪᠠᠲᠤᠯᠠᠭ᠎ᠠ ᠶᠢ  ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠠᠴᠠ ᠬᠢᠶᠠᠭ ᠢ ᠥᠷᠭᠡᠳᠬᠡᠨ ᠳᠠᠷᠢᠬᠤ ᠨᠠᠩ ᠲᠠᠲᠠᠬᠤ ᠬᠦᠴᠦᠨ ᠲᠠᠢ᠂ ᠦᠷᠭᠦᠯᠵᠢᠯᠡᠨ  ᠲᠣᠭᠲᠠᠭᠤᠨ ᠪᠠᠶᠢᠯᠭᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ᠤ ︽ᠬᠢᠶᠠᠭ ᠤᠨ ᠠᠵᠤ  ᠦᠢᠯᠡᠰ ᠢ ᠬᠥᠭᠵᠢᠭᠦᠯᠬᠦ ᠰᠠᠭᠤᠷᠢ ᠮᠥᠩᠭᠦ︾᠎ ᠶᠢ ᠪᠠᠶᠢᠭᠤᠯᠬᠤ ᠶᠢ ᠰᠦᠪᠡᠭᠴᠢᠯᠡᠵᠦ᠂ ︽ᠵᠠᠰᠠᠭ ᠤᠨ ᠣᠷᠳᠣᠨ ᠠᠴᠠ ᠪᠠᠲᠤᠯᠠᠨ ᠳᠠᠭᠠᠭᠠᠬᠤ᠂ ᠪᠠᠩᠬᠢ ᠪᠡᠯᠡ ᠭᠠᠷᠭᠠᠬᠤ᠂  ᠠᠵᠤ ᠠᠬᠤᠶᠢᠯᠠᠯ ᠠᠵᠢᠯᠯᠠᠬᠤ᠂ ᠮᠠᠯᠴᠢᠨ ᠲᠠᠷᠢᠶᠠᠴᠢᠨ ᠡᠷᠦᠭᠡ ᠬᠡᠷᠡᠭᠵᠢᠭᠦᠯᠬᠦ︾ ᠠᠰᠢᠭ ᠲᠤᠰᠠ ᠶᠢ ᠬᠤᠯᠪᠣᠯᠳᠤᠭᠤᠯᠤᠨ ᠬᠠᠮᠲᠤ ᠪᠠᠷ ᠡᠳ᠋ᠯᠡᠬᠦ ᠲᠣᠭᠲᠠᠴᠠ ᠶᠢ  ᠰᠦᠪᠡᠭᠴᠢᠯᠡᠨ ᠪᠤᠶ ᠪᠣᠯᠭᠠᠪᠠᠯ ᠵᠣᠬᠢᠨ᠎ᠠ᠃ ᠬᠢᠶᠠᠭ ᠤᠨ ᠡᠭᠦᠯᠳᠡᠷ ᠪᠣᠶᠢᠵᠢᠭᠤᠯᠬᠤ ᠰᠤᠳᠤᠯᠭᠠᠨ ᠤ ᠲᠥᠪ ᠢ ᠪᠠᠶᠢᠭᠤᠯᠵᠤ᠂ ᠨᠢᠭᠡ ᠪᠦᠯᠦᠭ ᠣᠷᠣᠨ ᠪᠦᠰᠡ ᠶᠢᠨ  ᠵᠣᠬᠢᠴᠠᠬᠤ ᠴᠢᠨᠠᠷ ᠢᠶᠠᠷ ᠴᠢᠩᠭ᠎ᠠ᠂ ᠤᠨᠠᠯᠲᠠ ᠪᠠᠷ ᠥᠨᠳᠥᠷ᠂ ᠲᠡᠵᠢᠭᠡᠯ ᠪᠣᠷᠳᠤᠭ᠎ᠠ ᠳᠤ ᠬᠡᠷᠡᠭᠯᠡᠬᠦ ᠦᠨ᠎ᠡ ᠥᠷᠲᠡᠭ ᠢᠶᠠᠷ ᠰᠠᠶᠢᠨ᠂ ᠰᠥᠷᠭᠡᠦ ᠳᠠᠭᠠᠭᠠᠬᠤ ᠴᠢᠨᠠᠷ ᠢᠶᠠᠷ  ᠰᠠᠶᠢᠨ᠂ ᠡᠪᠡᠳᠴᠢᠨ ᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠬᠤᠵᠢᠷ ᠲᠤ ᠳᠠᠭᠠᠭᠠᠮᠠᠭᠠᠢ ᠰᠢᠨ᠎ᠡ ᠡᠭᠦᠯᠳᠡᠷ ᠢ ᠲᠦᠷᠭᠡᠳᠬᠡᠨ ᠰᠣᠩᠭᠤᠨ ᠪᠣᠶᠢᠵᠢᠭᠤᠯᠵᠤ᠂  ᠲᠠᠸᠠᠷᠴᠢᠯᠠᠭᠰᠠᠨ ᠶᠡᠭᠡ ᠬᠡᠪᠴᠢᠶᠡᠨ ᠤ ᠲᠠᠷᠢᠬᠤ ᠥᠷᠲᠡᠭ ᠲᠠᠢ ᠰᠢᠯᠢᠳᠡᠭ ᠡᠭᠦᠯᠳᠡᠷ ᠢ ᠲᠦᠷᠭᠡᠳᠬᠡᠨ ᠥᠷᠭᠡᠳᠬᠡᠨ ᠳᠡᠯᠭᠡᠷᠡᠭᠦᠯᠪᠡᠯ ᠵᠣᠬᠢᠨ᠎ᠠ᠃ ᠨᠢᠭᠡ ᠪᠦᠯᠦᠭ ᠬᠢᠶᠠᠭ᠋ ᠤᠨ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ᠂ ︽ᠠᠵᠤ ᠠᠬᠤᠶᠢᠯᠠᠯ +︾ ᠣᠯᠠᠨ ᠡᠰᠢᠲᠦ ᠬᠠᠮᠲᠤᠷᠠᠯᠴᠠᠬᠤ ᠵᠠᠭᠪᠤᠷ ᠢ  ᠰᠦᠪᠡᠭᠴᠢᠯᠡᠨ᠂ ᠬᠢᠶᠠᠭ ᠲᠠᠷᠢᠬᠤ᠂ ᠬᠠᠳᠤᠵᠤ ᠬᠤᠷᠢᠶᠠᠬᠤ᠂ ᠡᠳ᠋ᠰᠢᠭᠦᠯᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠪᠦᠭᠦ ᠠᠵᠤ ᠦᠢᠯᠡᠰ ᠤᠨ ᠬᠡᠯᠬᠢᠶ᠎ᠡ ᠪᠠᠷ  ᠡᠵᠡᠩᠨᠡᠬᠦ ᠶᠢ ᠠᠬᠢᠭᠤᠯᠵᠤ᠂ ᠲᠣᠭᠲᠠᠭᠤᠨ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠦᠷᠢᠯᠳᠦᠭᠦᠯᠪᠡᠯ ᠵᠣᠬᠢᠨ᠎ᠠ᠃ ᠡᠭᠦᠨ ᠤ ᠵᠡᠷᠭᠡ ᠪᠠᠷ ᠮᠠᠯᠵᠢᠬᠤ ᠣᠷᠣᠨ᠂  ᠬᠠᠭᠠᠰ ᠮᠠᠯᠵᠢᠬᠤ ᠣᠷᠣᠨ ᠤ ᠮᠠᠯᠴᠢᠨ ᠲᠠᠷᠢᠶᠠᠴᠢᠳ ᠤᠨ ᠥᠨᠳᠥᠷ ᠪᠠᠷᠢᠮᠵᠢᠶ᠎ᠠ ᠪᠦᠬᠦᠢ ᠮᠠᠯᠵᠢᠯ ᠤᠨ ᠲᠠᠯᠠᠪᠠᠢ ᠪᠣᠯᠣᠨ ᠢᠵᠢ ᠪᠦᠷᠢᠳᠦᠭᠦᠯᠬᠦ ᠬᠢᠶᠠᠭ ᠲᠡᠷᠢᠬᠤ  ᠰᠠᠭᠤᠷᠢᠨ ᠢ ᠪᠠᠶᠢᠭᠤᠯᠬᠤ ᠶᠢ ᠲᠡᠮᠵᠢᠵᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ᠂ ᠲᠡᠷᠢᠵᠤ ᠲᠡᠵᠢᠭᠡᠬᠦ ᠶᠢᠨ ᠰᠠᠶᠢᠨ ᠣᠷᠴᠢᠯ ᠢ ᠠᠬᠢᠭᠤᠯᠵᠤ᠂  ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠪᠠᠯ ᠵᠣᠬᠢᠨ᠎ᠠ ᠭᠡᠵᠦ ᠰᠠᠨᠠᠭᠤᠯᠭ᠎ᠠ ᠳᠤᠷᠠᠳᠪᠠ᠃        
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ