ᠵᠠᠩ ᠵᠢᠶᠠᠨ ᠴᠢᠦ ᠲᠥᠯᠥᠭᠡᠯᠡᠭᠴᠢ᠄ ᠰᠦ ᠶᠢᠨ ᠦᠢᠯᠡᠰ ᠤᠨ ᠰᠢᠨ᠎ᠡ ᠶᠢ ᠡᠭᠦᠳᠬᠦ ᠬᠡᠪ ᠳᠠᠭᠤᠷᠢᠶᠠᠯ ᠢ ᠦᠷᠭᠦᠯᠵᠢᠯᠡᠨ ᠪᠤᠶ ᠪᠣᠯᠭᠠᠨ᠎ᠠ
ᠨᠡᠶᠢᠲᠡᠯᠡᠭᠰᠡᠨ ᠴᠠᠭ᠄
2025/2/5
      ︽ᠢᠯᠡᠳᠬᠡᠯ ᠳᠤ ᠳ᠋ᠦᠩᠨᠡᠭᠰᠡᠨ ᠠᠮᠵᠢᠯᠲᠠ ᠪᠦᠲᠦᠮᠵᠢ ᠨᠢ ᠪᠤᠰᠤᠳᠴᠢ ᠪᠥᠭᠡᠳ ᠪᠦᠭᠦ ᠲᠠᠯ᠎ᠠ ᠶᠢᠨ ᠪᠠᠶᠢᠵᠤ᠂ ᠠᠵᠢᠯ ᠪᠠᠶᠢᠷᠢᠯᠠᠭᠤᠯᠤᠭᠰᠠᠨ ᠨᠢ ᠪᠣᠳᠠᠲᠠᠢ ᠶᠢ  ᠡᠷᠬᠢᠮᠯᠡᠭᠰᠡᠨ ᠪᠥᠭᠡᠳ ᠨᠠᠷᠢᠨ ᠪᠣᠳᠠᠲᠠᠢ ᠪᠠᠶᠢᠵᠤ᠂ ᠪᠢᠳᠡᠨ ᠢ ᠮᠠᠰᠢ ᠤᠷᠮᠠᠰᠢᠭᠤᠯᠤᠨ ᠵᠣᠷᠢᠭᠵᠢᠭᠤᠯᠵᠤ ᠪᠠᠶᠢᠨ᠎ᠠ᠃ ︿ᠰᠦ ᠶᠢᠨ ᠦᠢᠯᠡᠰ ᠤᠨ ᠳᠡᠯᠡᠬᠡᠢ ᠳᠡᠭᠡᠷᠡᠬᠢ  ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ﹀ ᠲᠤᠬᠠᠢ ᠪᠠᠶᠢᠷᠢᠯᠠᠭᠤᠯᠤᠯᠲᠠ ᠨᠢ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠠᠴᠢ  ᠬᠤᠯᠪᠣᠭᠳᠠᠯ ᠲᠠᠢ ᠶᠤᠮ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠩ ᠵᠢᠶᠠᠨ ᠴᠢᠦ  ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠡᠭᠡᠨ ᠬᠡᠯᠡᠪᠡ᠃        ᠣᠳᠣᠬᠠᠨ ᠳᠤ᠂ ᠲᠣᠮᠣ ᠭᠡᠯᠪᠡᠷᠢ ᠶᠢᠨ ᠰᠦ ᠶᠢᠨ ᠠᠵᠤ ᠠᠬᠤᠶᠢᠯᠠᠯ ᠤᠨ ᠬᠥᠭᠵᠢᠯᠲᠡ ᠨᠢ ᠬᠡᠪᠴᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠶᠠᠰᠤ  ᠴᠢᠨᠠᠷ ᠢ ᠴᠢᠬᠤᠯᠠᠴᠢᠯᠠᠬᠤ ᠲᠡᠶᠢᠰᠢ ᠠᠯᠬᠤᠮ ᠠᠯᠬᠤᠮ ᠢᠶᠠᠷ ᠬᠤᠪᠢᠷᠠᠵᠤ ᠪᠤᠢ᠂ ᠡᠨᠡ ᠨᠢ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠰᠢᠨ᠎ᠡ ᠶᠢ ᠡᠭᠦᠳᠬᠦ  ᠴᠢᠳᠠᠪᠤᠷᠢ᠂ ᠲᠦᠷᠦᠯ ᠲᠡᠮᠳᠡᠭ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠳᠤ ᠴᠥᠮ ᠨᠠᠩ ᠥᠨᠳᠥᠷ ᠱᠠᠭᠠᠷᠳᠠᠯᠭ᠎ᠠ ᠲᠠᠯᠪᠢᠭᠰᠠᠨ ᠪᠠᠶᠢᠨ᠎ᠠ᠃        ᠵᠠᠩ ᠵᠢᠶᠠᠨ ᠴᠢᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢᠳᠡᠪᠬᠢᠲᠡᠢ ᠳᠣᠬᠢᠶ᠎ᠠ ᠥᠭᠴᠦ᠂ ᠠᠵᠤ ᠠᠬᠤᠶᠢᠯᠠᠯ ᠤᠨ ᠬᠥᠭᠵᠢᠯᠲᠡ ᠳᠤ ᠢᠲᠡᠭᠡᠯ  ᠵᠣᠷᠢᠭ ᠨᠡᠮᠡᠷᠢᠯᠡᠨ᠂ ᠠᠵᠤ ᠠᠬᠤᠶᠢᠯᠠᠯ ᠡᠵᠡᠩᠨᠡᠭᠴᠢᠳ ᠤᠨ ᠰᠡᠳᠬᠢᠯ ᠢ ᠳᠤᠯᠠᠭᠠᠴᠠᠭᠤᠯᠵᠠᠢ᠃ 2024 ᠣᠨ ᠳᠤ ᠢᠯᠢ ᠪᠦᠯᠦᠭᠯᠡᠯ ᠳᠡᠯᠡᠬᠡᠢ ᠶᠢᠨ ᠰᠦ ᠶᠢᠨ  ᠦᠢᠯᠡᠰ ᠤᠨ ᠲᠦᠷᠦᠯ ᠲᠡᠮᠳᠡᠭ ᠤᠨ ᠦᠷᠳᠡᠭ ᠤᠨ ᠨᠡᠷᠡᠰ ᠤᠨ ᠵᠢᠭᠰᠠᠭᠠᠯᠲᠠ ᠶᠢᠨ ᠡᠮᠦᠨ᠎ᠡ ᠡᠩᠨᠡᠭᠡᠨ ᠳᠤ ᠵᠢᠭᠰᠠᠪᠠ᠃ ᠡᠭᠦᠨ ᠤ ᠬᠠᠮᠲᠤ᠂ ᠢᠯᠢ ᠪᠦᠯᠦᠭᠯᠡᠯ ᠤᠨ ᠬᠢᠨ  ᠳᠠᠭᠠᠭᠤᠯᠤᠭᠴᠢ ᠠᠵᠤ ᠠᠬᠤᠶᠢᠯᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠢᠷᠢ ᠲᠡᠩᠴᠡᠭᠰᠡᠨ ᠦᠨᠢᠶᠡᠨ ᠰᠦ ᠶᠢ ᠬᠤᠷᠢᠶᠠᠬᠤ ᠶᠣᠰᠣᠲᠠᠢ ᠶᠢ ᠨᠢ  ᠪᠦᠭᠦᠨ ᠢ ᠬᠤᠷᠢᠶᠠᠵᠤ᠂ 2024 ᠣᠨ ᠳᠤ 273 ᠲᠦᠮᠡᠨ ᠲᠣᠨ ᠰᠦ ᠬᠤᠷᠢᠶᠠᠵᠤ᠂ 4.3 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ  ᠲᠠᠯᠪᠢᠵᠠᠢ ᠭᠡᠪᠡ᠃        ︽ᠣᠶᠢᠷ᠎ᠠ ᠶᠢᠨ ᠵᠢᠯ ᠠᠴᠠ ᠨᠠᠭᠠᠰᠢ᠂ ᠢᠯᠢ ᠪᠦᠯᠦᠭᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ ︿ᠲᠠᠪᠤᠨ ᠶᠡᠭᠡ ᠡᠭᠦᠷᠭᠡ﹀᠎ ᠶᠢ ᠰᠠᠶᠢᠲᠤᠷ ᠪᠡᠶᠡᠯᠡᠭᠦᠯᠬᠦ ᠳᠤ  ᠢᠳᠡᠪᠬᠢᠲᠡᠢ ᠳᠡᠮᠵᠢᠯᠭᠡ ᠦᠵᠡᠭᠦᠯᠵᠦ᠂ ᠮᠡᠷᠭᠡᠵᠢᠯ ᠤᠨ ᠪᠣᠭᠤᠮᠢ ᠶᠢ ᠲᠦᠷᠭᠡᠨ ᠰᠢᠪᠲᠤᠯᠵᠤ᠂ ᠰᠦ ᠶᠢᠨ ᠦᠢᠯᠡᠰ ᠤᠨ ᠰᠢᠨ᠎ᠡ ᠶᠢ ᠡᠭᠦᠳᠬᠦ ᠬᠡᠪ ᠳᠠᠭᠤᠷᠢᠶᠠᠯ ᠢ ᠪᠤᠢ  ᠪᠣᠯᠭᠠᠵᠠᠢ᠃ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠰᠦ ᠶᠢᠨ ᠲᠡᠮᠦᠷᠯᠢᠭ ᠤᠭᠤᠷᠠᠭ ᠢ ᠦᠢᠯᠡᠳᠬᠦ ᠤᠷ᠎ᠠ ᠮᠡᠷᠭᠡᠰᠢᠯ ᠨᠢ ᠣᠯᠠᠨ ᠤᠯᠤᠰ ᠤᠨ ᠭᠠᠭᠴᠠᠭᠠᠷ  ᠡᠵᠡᠮᠰᠢᠯ ᠢ ᠡᠪᠳᠡᠵᠦ᠂ ᠢᠳᠡᠪᠬᠢ ᠴᠢᠨᠠᠷ ᠤᠨ ᠰᠦ ᠶᠢᠨ ᠲᠡᠮᠦᠷᠯᠢᠭ ᠤᠭᠤᠷᠠᠭ ᠢ ᠬᠠᠳᠠᠭᠠᠯᠠᠬᠤ ᠨᠣᠷᠮ᠎ᠠ ᠶᠢ 90%᠎ ᠠᠴᠠ ᠳᠡᠭᠡᠭᠰᠢ ᠪᠤᠯᠭᠠᠵᠤ᠂ ᠣᠯᠠᠨ ᠤᠯᠤᠰ ᠤᠨ  ᠲᠦᠪᠰᠢᠨ ᠠᠴᠠ ᠳᠠᠪᠠᠪᠠ; ᠰᠠᠢ ᠺᠧ ᠰᠢᠩ ᠺᠤᠮᠫᠠᠨᠢ ᠶᠢᠨ ᠪᠣᠶᠢᠵᠢᠭᠤᠯᠤᠭᠰᠠᠨ ᠡᠭᠦᠯᠳᠡᠷ ᠤᠨ ᠪᠤᠬ᠎ᠠ ᠨᠢ ᠤᠯᠤᠰ ᠤᠨ ᠳᠣᠲᠣᠭᠠᠳᠤ ᠶᠢᠨ ᠡᠭᠦᠯᠳᠡᠷ ᠤᠨ ᠪᠤᠬ᠎ᠠ ᠶᠢᠨ  ᠨᠡᠷᠡᠰ ᠤᠨ ᠵᠢᠭᠰᠠᠭᠠᠯᠲᠠ ᠶᠢᠨ ᠡᠮᠦᠨ᠎ᠡ 8 ᠨᠡᠷᠡᠰ ᠲᠤ ᠵᠢᠬᠰᠠᠭᠠᠬᠳᠠᠵᠠᠢ; ᠰᠤᠳᠤᠯᠤᠨ ᠪᠦᠲᠦᠭᠡᠭᠰᠡᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ  ᠡᠷᠬᠡ ᠲᠠᠢ ︿ᠡᠭᠦᠯᠳᠡᠷ ᠪᠣᠶᠢᠵᠢᠭᠤᠯᠬᠤ 1 ᠨᠣᠮᠧᠷᠲᠤ ᠢᠯᠲᠠᠰᠤ﹀ ᠎ ᠨᠢ ᠮᠠᠨ ᠤ ᠤᠯᠤᠰ ᠭᠠᠷᠤᠯᠲᠠ ᠪᠠᠷ ᠥᠨᠳᠥᠷ᠂ ᠣᠷᠳᠣ ᠨᠠᠰᠤᠲᠠᠢ᠂ ᠡᠪᠡᠳᠴᠢᠨ ᠢ ᠡᠰᠡᠷᠭᠦᠴᠡᠬᠦ  ᠰᠠᠭᠠᠯᠢ ᠶᠢᠨ ᠦᠨᠢᠶ᠎ᠡ ᠶᠢᠨ ᠭᠧᠨ ᠤ ᠪᠦᠯᠦᠭ ᠢ ᠰᠢᠯᠭᠠᠨ ᠪᠠᠶᠢᠴᠠᠭᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠡᠵᠡᠮᠰᠢᠭᠰᠡᠨ ᠢ ᠬᠠᠷᠠᠭᠤᠯᠵᠤ ᠪᠠᠶᠢᠨ᠎ᠠ︾ ᠭᠡᠵᠦ ᠵᠠᠩ  ᠵᠢᠶᠠᠨ ᠴᠢᠦ ᠬᠡᠯᠡᠪᠡ᠃        ᠵᠠᠩ ᠵᠢᠶᠠᠨ ᠴᠢᠦ᠂ ᠢᠯᠢ ᠪᠦᠯᠦᠭᠯᠡᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ  ᠵᠢᠱᠢᠯᠲᠡ ᠪᠠᠨ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢᠶᠠᠨ ᠬᠥᠪᠴᠢᠯᠡᠵᠦ ᠪᠤᠢ᠃ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠠᠵᠤ ᠦᠢᠯᠡᠰ ᠤᠨ  ᠪᠠᠶᠢᠷᠢᠰᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ 15 ᠲᠦᠮᠡᠨ ᠲᠣᠨ ᠤ ᠴᠡᠪᠡᠷ ᠪᠢᠰᠢᠯᠠᠭ ᠤᠨ ᠦᠢᠯᠡᠳᠪᠦᠷᠢᠯᠡᠯ ᠤᠨ ᠭᠤᠷᠪᠠᠳᠤᠭᠠᠷ ᠬᠤᠭᠤᠴᠠᠭ᠎ᠠ᠂ 6.3  ᠲᠦᠮᠡᠨ ᠲᠣᠨ ᠤ ᠰᠦ ᠶᠢᠨ ᠲᠠᠯᠬ᠎ᠠ ᠶᠢᠨ ᠭᠤᠷᠪᠠᠳᠤᠭᠠᠷ ᠬᠤᠭᠤᠴᠠᠭ᠎ᠠ ᠶᠢᠨ 2 ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ  ᠴᠢᠷᠮᠠᠶᠢᠵᠤ᠂ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ᠂ ᠳᠠᠭᠢᠭᠠᠳ ᠨᠢᠭᠡ ᠬᠡᠰᠡᠭ ᠪᠢᠰᠢᠯᠠᠭ︾ ᠬᠦᠷᠲᠡᠯᠡᠬᠢ ᠠᠵᠤ ᠦᠢᠯᠡᠰ ᠤᠨ ᠪᠠᠶᠢᠷᠢᠰᠢᠭᠤᠯᠤᠯᠲᠠ ᠶᠢ  ᠠᠩᠬ᠎ᠠ ᠠᠯᠬᠤᠮ ᠬᠡᠪᠴᠢᠶᠡᠵᠢᠭᠦᠯᠦᠨ᠎ᠡ᠃ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠰᠦ ᠶᠢᠨ ᠦᠢᠯᠡᠰ ᠤᠨ ᠬᠥᠭᠵᠢᠯᠲᠡ ᠶᠢᠨ  ᠰᠠᠶᠢᠨ ᠬᠠᠨᠳᠤᠰᠢ᠂ ᠰᠠᠶᠢᠨ ᠢᠷᠡᠭᠡᠳᠦᠢ ᠶᠢ ᠴᠣᠭᠴᠠᠯᠠᠨ᠎ᠠ᠃ ᠡᠭᠦᠨ ᠤ ᠬᠠᠮᠲᠤ᠂ ᠨᠡᠩ ᠶᠡᠭᠡ ᠪᠠᠷ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠠᠬᠢᠭᠤᠯᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠲᠡᠰ ᠳᠡᠪᠰᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ  ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤ ᠪᠠᠷ ᠠᠵᠤ ᠦᠢᠯᠡᠰ ᠢ ᠪᠣᠬᠢᠷᠳᠤᠯ ᠦᠭᠡᠢ ᠪᠤᠯᠭᠠᠬᠤ᠂ ᠳᠣᠣᠷ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ  ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠯᠢᠭᠡᠷ ᠬᠡᠪ ᠢ ᠡᠭᠦᠳᠴᠦ᠂ ᠨᠡᠩ ᠤᠯᠠᠨ  ᠪᠣᠬᠢᠷᠳᠤᠯ ᠦᠭᠡᠢ ᠦᠢᠯᠡᠳᠪᠦᠷᠢ ᠶᠢ ᠪᠠᠶᠢᠭᠤᠯᠵᠤ᠂ ᠣᠳᠣᠬᠢᠴᠢᠯᠠᠭᠰᠠᠨ ᠰᠦ ᠶᠢᠨ ᠦᠢᠯᠡᠰ ᠤᠨ ᠬᠥᠭᠵᠢᠯᠲᠡ ᠶᠢᠨ ᠵᠠᠭᠪᠤᠷ ᠢ ᠭᠠᠷ ᠬᠤᠯᠪᠣᠯᠴᠠᠨ ᠠᠬᠢᠭᠤᠯᠤᠨ᠎ᠠ ᠭᠡᠵᠦ  ᠬᠠᠷᠠᠯᠲᠠ ᠵᠣᠷᠢᠯᠲᠠ ᠪᠠᠨ ᠶᠠᠷᠢᠭᠰᠠᠨ ᠪᠠᠶᠢᠨ᠎ᠠ᠃        
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ