ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 31 ᠤ ᠴᠠᠭᠢᠯᠭᠠᠨ ᠮᠡᠳᠡᠭᠡ 2 ᠰᠠᠷ᠎ᠠ ᠶᠢᠨ 1 ᠤ ᠡᠳᠦᠷ ᠬᠡᠪᠯᠡᠭᠳᠡᠬᠦ 3 ᠳ᠋ᠤᠭᠠᠷ ᠬᠤᠭᠤᠴᠠᠭᠠᠨ ᠤ ︽ | ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 2016 ᠣᠨ ᠤ 12 ᠰᠠᠷ᠎ᠠ ᠶᠢᠨ 12 ᠤᠨ ᠡᠳᠦᠷ ᠠᠩᠬᠠᠳᠤᠭᠠᠷ ᠬᠤᠭᠤᠴᠠᠭᠠᠨ ᠤ ᠪᠦᠭᠦ | ᠤᠯᠤᠰ ᠤᠨ ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠶᠠᠷᠢᠶ᠎ᠠ ᠶᠢᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠬᠥᠮᠦᠵᠢᠯ ᠢ | ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ ᠬᠡᠷᠡᠭᠲᠡᠢ︾ ᠭᠡᠬᠦ ᠨᠢᠭᠡ ᠬᠡᠰᠡᠭ ᠢ ᠨᠡᠶᠢᠲᠡᠯᠡᠪᠡ᠃ | ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠶᠡᠷᠦ ᠠᠴᠠ ᠭᠡᠷ ᠪᠦᠯᠢ ᠶᠢ ᠴᠢᠬᠤᠯᠠᠴᠢᠯᠠᠳᠠᠭ᠃ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ | ᠤᠬᠠᠭᠠᠨᠲᠤ ᠭᠡᠷᠭᠡᠢ ᠲᠠᠢ ᠡᠷ᠎ᠡ ᠶᠢᠨ ᠰᠠᠨᠠᠭ᠎ᠠ ᠠᠮᠤᠷ ᠪᠠᠶᠢᠬᠤ᠂ ᠡᠬᠡ ᠨᠢ ᠡᠨᠡᠷᠢᠩᠭᠦᠢ ᠪᠣᠯ ᠬᠥᠪᠡᠭᠦᠨ ᠨᠢ ᠡᠯᠪᠡᠷᠢᠯ ᠲᠠᠢ᠂ ᠠᠬ᠎ᠠ ᠳᠡᠭᠦᠦ ᠬᠤᠭᠤᠷᠣᠨᠳᠤ ᠪᠠᠨ | ᠨᠥᠭᠦᠷᠰᠡᠭ ᠪᠠᠶᠢᠬᠤ᠂ ᠲᠠᠷᠢᠶᠠᠯᠠᠬᠤ ᠶᠢᠨ ᠬᠠᠮᠲᠤ ᠰᠤᠷᠤᠯᠴᠠᠬᠤ ᠭᠡᠷ ᠤᠨ ᠤᠯᠠᠮᠵᠢᠯᠠᠯ ᠲᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠮᠡᠳᠡᠯᠭᠡ | ᠮᠣᠷᠠᠯ ᠲᠠᠢ ᠪᠠᠶᠢᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠭᠡᠷ ᠬᠤᠲᠠᠯᠠᠭᠠᠷ ᠡᠶ᠎ᠡ ᠡᠪᠲᠡᠢ ᠪᠣᠯᠪᠠᠰᠤ ᠬᠠᠮᠤᠭ ᠦᠢᠯᠡᠰ ᠬᠥᠭᠵᠢᠩᠭᠦᠢ | ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠰᠠᠶᠢᠬᠠᠨ ᠰᠤᠷᠲᠠᠯ ᠪᠣᠯ ᠳᠤᠮᠳᠠᠳᠤ ᠶᠢᠨ ᠦᠨᠳᠦᠰᠦᠲᠡᠨ ᠦᠶ᠎ᠡ ᠶᠢᠨ ᠦᠶ᠎ᠡ ᠳᠡᠭᠡᠨ | ᠲᠠᠰᠤᠷᠠᠰᠢ ᠦᠭᠡᠢ᠂ ᠦᠶ᠎ᠡ ᠤᠯᠠᠷᠢᠨ ᠤᠯᠠᠮᠵᠢᠯᠠᠬᠤ ᠶᠢ ᠲᠤᠯᠭᠠᠭᠤᠷᠢᠯᠠᠬᠤ ᠴᠢᠬᠤᠯᠠ ᠤᠶᠤᠨ ᠰᠠᠨᠠᠭᠠᠨ ᠤ ᠬᠦᠴᠦᠨ ᠮᠥᠨ᠂ ᠭᠡᠷ ᠪᠦᠯᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠮᠥᠨ᠃ ᠴᠠᠭ ᠦᠶ᠎ᠡ ᠬᠡᠷᠬᠢᠨ ᠬᠤᠪᠢᠷᠠᠵᠤ᠂ ᠠᠵᠤ ᠠᠬᠤᠢ ᠨᠡᠶᠢᠭᠡᠮ ᠬᠡᠷᠬᠢᠨ | ᠬᠥᠭᠵᠢᠭᠰᠡᠨ ᠴᠦ ᠨᠢᠭᠡ ᠨᠡᠶᠢᠭᠡᠮ ᠳᠤ ᠠᠪᠴᠤ ᠬᠡᠯᠡᠪᠡᠯ ᠭᠡᠷ ᠪᠦᠯᠢ ᠶᠢᠨ ᠠᠮᠢᠳᠤᠷᠠᠯ ᠤᠨ ᠲᠦᠰᠢᠭ ᠲᠤᠯᠭᠠᠭᠤᠷᠢ ᠶᠢ ᠴᠥᠮ ᠣᠷᠣᠯᠠᠭᠤᠯᠵᠤ ᠪᠣᠯᠣᠰᠢ ᠦᠭᠡᠢ᠂ ᠭᠡᠷ | ᠪᠦᠯᠢ ᠶᠢᠨ ᠨᠡᠶᠢᠭᠡᠮ ᠤᠨ ᠴᠢᠳᠠᠮᠵᠢ ᠶᠢ ᠴᠥᠮ ᠣᠷᠣᠯᠠᠭᠤᠯᠵᠤ ᠪᠣᠯᠣᠰᠢ ᠦᠭᠡᠢ᠂ ᠭᠡᠷ ᠪᠦᠯᠢ ᠶᠢᠨ ᠪᠣᠯᠪᠠᠰᠤᠨ ᠤ ᠦᠢᠯᠡᠳᠦᠯ ᠢ ᠴᠥᠮ ᠣᠷᠣᠯᠠᠭᠤᠯᠵᠤ ᠪᠣᠯᠣᠰᠢ | ᠦᠭᠡᠢ ᠶᠤᠮ᠃ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠲᠦᠭ ᠲᠦᠮᠡᠨ ᠭᠡᠷ ᠪᠦᠯᠢ ᠶᠢ ᠤᠯᠤᠰ ᠣᠷᠣᠨ ᠤ ᠬᠥᠭᠵᠢᠯᠲᠡ᠂ | ᠦᠨᠳᠦᠰᠦᠲᠡᠨ ᠤ ᠳᠠᠪᠰᠢᠯᠲᠠ᠂ ᠨᠡᠶᠢᠭᠡᠮ ᠤᠨ ᠡᠶ᠎ᠡ ᠵᠣᠬᠢᠴᠠᠩᠭᠤᠢ ᠶᠢᠨ ᠴᠢᠬᠤᠯᠠ ᠰᠠᠭᠤᠷᠢ ᠴᠡᠭ ᠪᠤᠯᠭᠠᠵᠤ᠂ ᠬᠥᠮᠥᠰ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ | ᠠᠶᠠᠯᠠᠯ ᠢᠶᠠᠨ ᠡᠬᠢᠯᠡᠭᠦᠯᠬᠦ ᠭᠠᠵᠠᠷ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠤᠯᠠᠨ ᠢᠶᠠᠷ ᠢᠶᠠᠨ ᠭᠡᠷ ᠪᠦᠯᠢ ᠶᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠪᠦᠯᠢ ᠪᠣᠯ ᠨᠡᠶᠢᠭᠡᠮ ᠤᠨ ᠡᠰ ᠮᠥᠨ᠃ ᠭᠡᠷ ᠪᠦᠯᠢ ᠡᠶ᠎ᠡ | ᠨᠠᠶᠢᠷᠠᠮᠳᠠᠭᠤ ᠪᠣᠯ ᠨᠡᠶᠢᠭᠡᠮ ᠠᠮᠤᠷ ᠲᠣᠭᠲᠠᠭᠤᠨ ᠪᠣᠯᠵᠤ᠂ ᠭᠡᠷ ᠪᠦᠯᠢ ᠵᠣᠯ ᠵᠢᠷᠭᠠᠯ ᠲᠠᠢ ᠪᠣᠯ ᠨᠡᠶᠢᠭᠡᠮ ᠡᠶ᠎ᠡ ᠨᠠᠶᠢᠷᠠᠮᠳᠠᠭᠤ ᠪᠣᠯᠵᠤ᠂ ᠭᠡᠷ ᠪᠦᠯᠢ ᠪᠣᠯᠪᠠᠰᠤᠨ ᠪᠣᠯ | ᠨᠡᠶᠢᠭᠡᠮ ᠪᠣᠯᠪᠠᠰᠤᠨ ᠪᠣᠯᠣᠨ᠎ᠠ᠃ ᠭᠡᠷ ᠪᠦᠯᠢ ᠶᠢᠨ ᠢᠷᠡᠭᠡᠳᠦᠢ ᠬᠤᠪᠢ ᠵᠠᠶᠠᠭ᠎ᠠ ᠨᠢ ᠤᠯᠤᠰ ᠪᠠ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠲᠠᠢ ᠨᠢᠭᠲᠠ | ᠬᠤᠯᠪᠤᠭ᠎ᠠ ᠲᠠᠢ ᠶᠤᠮ᠃ ᠲᠦᠭ ᠲᠦᠮᠡᠨ ᠠᠶᠢᠯ ᠡᠷᠦᠭᠡ ᠴᠥᠮ ᠰᠠᠶᠢᠨ ᠪᠠᠶᠢᠪᠠᠯ ᠤᠯᠤᠰ ᠣᠷᠣᠨ ᠰᠠᠶ᠋ᠢ ᠰᠠᠶᠢᠨ ᠪᠠᠶᠢᠵᠤ᠂ ᠦᠨᠳᠦᠰᠦᠲᠡᠨ ᠰᠠᠶ᠋ᠢ ᠰᠠᠶᠢᠨ ᠪᠠᠶᠢᠵᠤ | ᠴᠢᠳᠠᠨ᠎ᠠ᠃ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ ᠰᠡᠷᠭᠦᠨ ᠮᠠᠨᠳᠤᠯᠲᠠ᠂ ᠠᠷᠠᠳ ᠲᠦᠮᠡᠨ ᠤ ᠵᠣᠯ ᠵᠢᠷᠭᠠᠯ ᠪᠣᠯ ᠬᠡᠶᠢᠰᠪᠦᠷᠢ ᠶᠠᠭᠤᠮ᠎ᠠ | ᠪᠢᠰᠢ᠂ ᠡᠴᠦᠰ ᠲᠡᠭᠡᠨ ᠲᠦᠭ ᠲᠦᠮᠡᠨ ᠭᠡᠷ ᠪᠦᠯᠢ ᠶᠢᠨ ᠵᠣᠯ ᠵᠢᠷᠭᠠᠯ ᠲᠠᠢ ᠰᠠᠶᠢᠨ ᠰᠠᠶᠢᠬᠠᠨ ᠪᠤᠯᠬᠤ ᠳᠡᠭᠡᠷ᠎ᠡ ᠢᠯᠡᠷᠡᠵᠦ᠂ ᠲᠦᠭ ᠲᠦᠮᠡᠨ ᠠᠷᠠᠳ ᠤᠨ | ᠠᠮᠢᠳᠤᠷᠠᠯ ᠤᠨ ᠲᠠᠰᠤᠷᠠᠯᠳᠠ ᠦᠭᠡᠢ ᠰᠠᠶᠢᠵᠢᠷᠠᠬᠤ ᠳᠡᠭᠡᠷ᠎ᠡ ᠢᠯᠡᠷᠡᠳᠡᠭ᠃ ᠡᠭᠦᠨ ᠤ ᠬᠠᠮᠲᠤ ᠤᠯᠤᠰ ᠣᠷᠣᠨ᠂ ᠦᠨᠳᠦᠰᠦᠲᠡᠨ ᠰᠠᠶᠢᠨ ᠪᠠᠶᠢᠪᠠᠯ ᠭᠡᠷ ᠪᠦᠯᠢ ᠰᠠᠶ᠋ᠢ | ᠰᠠᠶᠢᠨ ᠪᠠᠶᠢᠵᠤ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠪᠡᠯ ᠭᠡᠷ | ᠪᠦᠯᠢ ᠶᠢᠨ ᠵᠡᠭᠦᠳᠦ ᠰᠠᠶ᠋ᠢ ᠲᠡᠷᠭᠡᠯᠰᠢᠵᠦ ᠴᠢᠳᠠᠨ᠎ᠠ᠃ ᠥᠷᠭᠡᠨ ᠤᠯᠠᠨ ᠭᠡᠷ ᠪᠦᠯᠢ ᠶᠢᠨ ᠬᠢᠨ ᠭᠡᠷ ᠢᠶᠠᠨ ᠬᠠᠶᠢᠷᠠᠯᠠᠬᠤ ᠪᠠ ᠤᠯᠤᠰ ᠢᠶᠠᠨ ᠬᠠᠶᠢᠷᠠᠯᠠᠬᠤ ᠶᠢ ᠨᠢᠭᠡᠳᠬᠡᠵᠦ᠂ | ᠭᠡᠷ ᠪᠦᠯᠢ ᠶᠢᠨ ᠵᠡᠭᠦᠳᠦ ᠶᠢ ᠲᠡᠷᠭᠡᠯᠰᠢᠭᠦᠯᠬᠦ ᠶᠢ ᠦᠨᠳᠦᠰᠦᠲᠡᠨ ᠤ ᠵᠡᠭᠦᠳᠦ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠤᠭ᠎ᠠ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠤᠯᠠᠨ ᠢᠶᠠᠷ ᠢᠶᠠᠨ ᠭᠡᠷ ᠤᠨ ᠬᠥᠮᠦᠵᠢᠯ ᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠪᠦᠯᠢ ᠪᠣᠯ ᠬᠥᠮᠥᠨ ᠤ ᠠᠮᠢᠳᠤᠷᠠᠯ ᠤᠨ ᠠᠩᠬᠠᠨ ᠤ | ᠬᠢᠴᠢᠶᠡᠯ ᠤᠨ ᠲᠠᠩᠬᠢᠮ᠂ ᠠᠪᠤ ᠡᠵᠢ ᠪᠣᠯ ᠬᠡᠦᠬᠡᠳ ᠤᠨ ᠠᠩᠬᠠᠨ ᠤ ᠪᠠᠭᠰᠢ ᠪᠣᠯᠣᠨ᠎ᠠ᠃ ᠭᠡᠷ ᠤᠨ ᠬᠥᠮᠦᠵᠢᠯ ᠤᠨ ᠬᠠᠮᠤᠭ ᠴᠢᠬᠤᠯᠠ ᠨᠢ ᠵᠠᠩ ᠮᠣᠷᠠᠯ ᠤᠨ ᠬᠥᠮᠦᠵᠢᠯ᠂ | ᠬᠡᠷᠬᠢᠨ ᠬᠥᠮᠥᠨ ᠪᠤᠯᠬᠤ ᠬᠥᠮᠦᠵᠢᠯ ᠪᠣᠯᠣᠨ᠎ᠠ᠃ ᠡᠴᠢᠭᠡ ᠡᠬᠡ ᠪᠠ ᠭᠡᠷ ᠤᠨ ᠠᠬᠠᠮᠠᠳ ᠪᠣᠯᠤᠭᠰᠠᠨ ᠤ ᠬᠤᠪᠢ ᠳᠤ ᠰᠠᠶᠢᠨ ᠰᠠᠶᠢᠬᠠᠨ ᠶᠣᠰᠣ ᠰᠤᠷᠲᠠᠬᠤᠨ ᠤ | ᠦᠵᠡᠯᠲᠡ ᠶᠢ ᠬᠡᠦᠬᠡᠳ ᠲᠤ ᠪᠠᠭ᠎ᠠ ᠠᠴᠠ ᠨᠢ ᠳᠠᠮᠵᠢᠭᠤᠯᠵᠤ᠂ ᠲᠡᠳᠡᠨ ᠤ ᠬᠥᠮᠥᠨ ᠪᠤᠯᠬᠤ ᠴᠢᠩ ᠵᠣᠷᠢᠭ ᠪᠠ ᠰᠥᠰᠥ ᠵᠣᠷᠢᠭ ᠲᠠᠢ ᠪᠤᠯᠬᠤ ᠶᠢ ᠬᠥᠲᠥᠯᠥᠨ | ᠵᠢᠯᠤᠭᠤᠳᠴᠤ᠂ ᠲᠡᠳᠡᠨ ᠢ ᠬᠠᠪᠰᠤᠷᠤᠨ ᠰᠠᠶᠢᠨ ᠰᠠᠶᠢᠬᠠᠨ ᠰᠡᠳᠬᠢᠯ ᠰᠠᠨᠠᠭ᠎ᠠ ᠲᠠᠢ ᠪᠤᠯᠭᠠᠵᠤ᠂ ᠲᠡᠳᠡᠨ ᠢ ᠡᠷᠡᠭᠦᠯ ᠢᠶᠠᠷ ᠥᠰᠬᠡᠨ ᠪᠤᠶᠢᠵᠢᠭᠤᠯᠵᠤ᠂ ᠲᠣᠮᠣ | ᠪᠣᠯᠤᠭᠰᠠᠨ ᠤ ᠳᠠᠷᠠᠭ᠎ᠠ ᠤᠯᠤᠰ ᠪᠠ ᠠᠷᠠᠳ ᠲᠦᠮᠡᠨ ᠳᠤ ᠬᠡᠷᠡᠭᠴᠡᠭᠡ ᠲᠠᠢ ᠬᠥᠮᠥᠨ ᠪᠤᠯᠭᠠᠬᠤ ᠬᠡᠷᠡᠭᠲᠡᠢ᠃ ᠥᠷᠭᠡᠨ ᠤᠯᠠᠨ ᠭᠡᠷ ᠪᠦᠯᠢ ᠶᠢᠨ ᠬᠢᠨ ᠬᠡᠯᠡᠵᠦ | ᠰᠤᠷᠭᠠᠬᠤ ᠶᠢ ᠴᠢᠬᠤᠯᠠᠴᠢᠯᠠᠵᠤ᠂ ᠬᠡᠪ ᠳᠦᠷᠢᠮ ᠪᠤᠯᠬᠤ ᠶᠢ ᠴᠢᠬᠤᠯᠠᠴᠢᠯᠠᠵᠤ᠂ ᠮᠡᠳᠡᠯᠭᠡ ᠵᠢᠭᠠᠵᠤ᠂ ᠶᠣᠰᠣ ᠮᠣᠷᠠᠯ ᠢ ᠬᠥᠮᠥᠵᠢᠭᠦᠯᠵᠦ᠂ ᠬᠡᠦᠬᠡᠳ ᠤᠨ ᠬᠥᠮᠥᠨ ᠤ | ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠵᠤ᠂ ᠬᠥᠮᠥᠨ ᠤ ᠠᠮᠢᠳᠤᠷᠠᠯ ᠤᠨ ᠠᠩᠬᠠᠨ ᠤ ᠱᠠᠲᠤ ᠶᠢ ᠰᠠᠶᠢᠲᠤᠷ ᠳᠠᠪᠠᠭ᠋ᠤ ᠳᠤᠨᠢ ᠬᠠᠪᠰᠤᠷᠬᠤ | ᠬᠡᠷᠡᠭᠲᠡᠢ᠃ ᠭᠡᠷ ᠪᠦᠯᠢ ᠳᠡᠭᠡᠨ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠭᠡᠷ ᠪᠦᠯᠢ ᠶᠢᠨ | ᠪᠦᠷᠢᠯᠳᠦᠭᠦᠨ ᠢᠯᠠᠩᠭᠤᠶ᠎ᠠ ᠬᠤᠶᠢᠴᠢ ᠦᠶ᠎ᠡ ᠶᠢᠨ ᠬᠢᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ | ᠳᠤᠮᠳᠠᠳᠤ ᠶᠢᠨ ᠦᠨᠳᠦᠰᠦᠲᠡᠨ ᠢᠶᠠᠨ ᠬᠠᠶᠢᠷᠠᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ | ᠰᠤᠷᠲᠠᠯ ᠢ ᠢᠳᠡᠪᠬᠢᠲᠡᠢ ᠤᠯᠠᠮᠵᠢᠯᠠᠨ ᠳᠡᠯᠭᠡᠷᠡᠭᠦᠯᠵᠦ᠂ ᠬᠥᠮᠥᠰ ᠤᠨ ᠭᠡᠷ ᠪᠦᠯᠢ ᠳᠡᠭᠡᠨ ᠵᠣᠯ ᠵᠢᠷᠭᠠᠯ ᠡᠳ᠋ᠯᠡᠭᠦᠯᠭᠦ᠂ ᠪᠤᠰᠤᠳ ᠲᠤ ᠬᠠᠶᠢᠷ᠎ᠠ ᠬᠠᠯᠠᠮᠵᠢ ᠬᠦᠷᠭᠡᠬᠦ᠂ | ᠨᠡᠶᠢᠭᠡᠮ ᠳᠤ ᠬᠤᠪᠢ ᠨᠡᠮᠡᠷᠢ ᠦᠵᠡᠭᠦᠯᠭᠦ ᠶᠠᠪᠤᠴᠠ ᠳᠤ ᠤᠶᠤᠨ ᠰᠠᠨᠠᠭᠠᠨ ᠤ ᠲᠦᠪᠰᠢᠨ ᠢᠶᠠᠨ ᠳᠡᠭᠡᠭᠰᠢᠯᠡᠭᠦᠯᠭᠦ᠂ ᠪᠣᠯᠪᠠᠰᠤᠨ ᠬᠡᠪ ᠰᠤᠷᠲᠠᠯ ᠢ ᠪᠤᠶᠢᠵᠢᠭᠤᠯᠬᠤ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠤᠯᠠᠨ ᠢᠶᠠᠷ ᠢᠶᠠᠨ ᠭᠡᠷ ᠤᠨ ᠰᠤᠷᠲᠠᠯ ᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠤᠨ ᠰᠤᠷᠲᠠᠯ ᠪᠣᠯ ᠨᠡᠶᠢᠭᠡᠮ ᠤᠨ ᠬᠡᠪ ᠰᠤᠷᠲᠠᠯ ᠤᠨ | ᠴᠢᠬᠤᠯᠠ ᠪᠦᠷᠢᠯᠳᠦᠭᠦᠨ ᠬᠡᠰᠡᠭ ᠮᠥᠨ᠃ ᠭᠡᠷ ᠪᠦᠯᠢ ᠨᠢ ᠬᠥᠮᠥᠰ ᠤᠨ ᠣᠷᠣᠨ ᠰᠠᠭᠤᠴᠠ ᠲᠡᠳᠦᠢ ᠪᠢᠰᠢ ᠨᠡᠩ ᠴᠤ ᠬᠥᠮᠥᠰ ᠤᠨ ᠰᠡᠳᠬᠢᠯ ᠤᠨ ᠪᠠᠭᠤᠴᠠ ᠪᠤᠯᠬᠤ | ᠶᠤᠮ᠃ ᠥᠷᠭᠡᠨ ᠤᠯᠠᠨ ᠭᠡᠷ ᠪᠦᠯᠢ ᠴᠥᠮ ᠰᠢᠯᠢᠳᠡᠭ ᠰᠠᠶᠢᠨ ᠭᠡᠷ ᠤᠨ ᠰᠤᠷᠲᠠᠯ ᠢ ᠪᠠᠳᠠᠷᠠᠭᠤᠯᠵᠤ᠂ ᠲᠦᠭ ᠲᠦᠮᠡᠨ ᠭᠡᠷ ᠪᠦᠯᠢ ᠶᠢᠨ ᠰᠠᠶᠢᠨ ᠰᠠᠶᠢᠬᠠᠨ ᠭᠡᠷ ᠤᠨ | ᠰᠤᠷᠲᠠᠯ ᠢᠶᠠᠷ ᠪᠦᠭᠦ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠲᠤᠯᠭᠠᠭᠤᠷᠢᠯᠠᠬᠤ ᠬᠡᠷᠡᠭᠲᠡᠢ᠃ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠲᠦᠷᠦᠭᠦᠯᠡᠨ ᠭᠡᠷ ᠤᠨ ᠰᠤᠷᠲᠠᠯ ᠢ ᠰᠠᠶᠢᠲᠤᠷ ᠠᠳᠬᠤᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠠᠬᠠᠮᠠᠳ ᠨᠢᠭᠡ | ᠦᠶ᠎ᠡ ᠶᠢᠨ ᠬᠤᠪᠢᠰᠬᠠᠯᠲᠤ ᠭᠡᠷ ᠤᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠵᠤ᠂ | ᠲᠦᠷᠦᠯ ᠰᠠᠳᠤᠨ ᠦᠷ᠎ᠡ ᠬᠡᠦᠬᠡᠳ ᠢᠶᠠᠨ ᠴᠢᠩᠭ᠎ᠠ ᠱᠠᠭᠠᠷᠳᠠᠵᠤ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ ᠪᠣᠭᠤᠮᠲᠠ ᠶᠢ ᠰᠠᠶᠢᠲᠤᠷ ᠳᠠᠪᠠᠭ᠋ᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤᠳᠤᠷᠢᠳᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠭᠦᠮ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠠᠯ᠎ᠠ ᠶᠢᠨ ᠬᠢᠨ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠮᠢᠳᠤᠷᠠᠯ ᠨᠢ | ᠬᠦᠴᠢᠷᠳᠡᠯᠲᠡᠢ ᠭᠡᠷ ᠪᠦᠯᠢ ᠶᠢ ᠬᠠᠯᠠᠮᠵᠢᠯᠠᠨ ᠬᠠᠪᠰᠤᠷᠴᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠰᠠᠯᠠᠭ᠎ᠠ ᠮᠥᠴᠢᠷ ᠤᠨ ᠬᠢᠨ ᠨᠢᠭᠡᠳᠦᠯᠲᠡᠢ | ᠲᠥᠯᠥᠪᠵᠢᠭᠦᠯᠬᠦ᠂ ᠵᠣᠬᠢᠴᠠᠭᠤᠯᠬᠤ᠂ ᠵᠢᠯᠤᠭᠤᠳᠬᠤ᠂ ᠱᠠᠯᠠᠪᠳᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠲᠠᠶᠢᠴᠢᠯᠠᠨ | ᠥᠷᠭᠡᠨ ᠢᠶᠠᠷ ᠣᠷᠣᠯᠴᠠᠭᠤᠯᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠵᠤ ᠰᠠᠨᠠᠬᠤ᠂ ᠥᠭᠡᠳᠡᠷᠬᠡᠭ ᠴᠠᠶᠢᠯᠭᠠᠨ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ |