ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 5 ᠤ ᠴᠠᠭᠢᠯᠭᠠᠨ ᠮᠡᠳᠡᠭᠡ 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ | | | | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ | ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | | | | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ | ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠢ ᠤᠭᠲᠤᠬᠤ | ᠶᠣᠰᠣᠯᠠᠯ ᠶᠠᠪᠤᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠤᠯᠤᠰ ᠪᠣᠯᠣᠨ ᠺᠢᠷᠭᠢᠽᠰᠲ᠋ᠠᠨ ᠠᠭᠤᠯᠠ ᠤᠰᠤ ᠪᠠᠷ ᠢᠶᠠᠨ ᠵᠠᠯᠭᠠᠯᠳᠤᠵᠤ᠂ ᠠᠷᠠᠳ ᠤᠨ ᠰᠡᠳᠬᠢᠯ ᠡᠯᠢᠭᠡᠰᠡᠭ ᠳᠣᠲᠣᠨᠣ ᠪᠠᠶᠢᠵᠤ᠂ | ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠶᠤᠮ᠃ ᠣᠶᠢᠷ᠎ᠠ ᠶᠢᠨ ᠵᠢᠯ ᠠᠴᠠ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠲᠠᠪᠠᠯᠳᠠᠳᠤ ᠮᠠᠶ᠋ᠢᠭ ᠤᠨ | ᠬᠥᠭᠵᠢᠯᠲᠡ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠰᠢᠨ᠎ᠡ ᠥᠨᠳᠥᠷᠴᠡ ᠳᠤ ᠬᠦᠷᠴᠡᠢ᠃ | ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠠᠷ ᠤᠨ ᠴᠢᠮᠡᠭᠡ ᠲᠠᠰᠤᠷᠠᠯᠳᠠ | ᠦᠭᠡᠢ ᠤᠯᠠᠮᠵᠢᠯᠠᠭᠳᠠᠵᠤ᠂ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠡᠶᠢᠭᠡᠮ ᠪᠠ ᠠᠷᠠᠳ ᠤᠨ ᠰᠠᠨᠠᠭᠠᠨ ᠤ ᠰᠠᠭᠤᠷᠢ | ᠡᠳᠦᠷ ᠢᠷᠡᠬᠦᠶ᠎ᠡ ᠪᠠᠬᠢᠵᠢᠪᠡ᠃ ᠺᠢᠷᠭᠢᠽᠰᠲ᠋ᠠᠨ ᠤ ᠬᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠤᠮᠳᠠᠳᠤ | ᠤᠯᠤᠰ ᠲᠡᠮᠵᠢᠵᠥ᠂ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠥᠷᠭᠡᠳᠬᠡᠵᠦ᠂ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ᠂ ᠭᠠᠷ | ᠬᠤᠯᠪᠣᠨ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠨᠡᠩ ᠰᠠᠶᠢᠲᠤᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | | | | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠰᠡᠳᠬᠢᠮᠵᠢ ᠪᠠᠨ ᠦᠷᠭᠦᠯᠵᠢᠯᠡᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ | ᠪᠦᠲᠦᠭᠡᠨ ᠪᠠᠶᠢᠭᠤᠯᠬᠤ ᠪᠠᠷ ᠭᠤᠣᠯ ᠰᠢᠵᠢᠮ ᠪᠤᠯᠭᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠶ᠎ᠡ᠃ ᠳᠤᠮᠳᠠᠳᠤ | ᠤᠯᠤᠰ ᠳᠤᠷᠠᠲᠠᠶ᠎ᠠ ᠠᠵᠤ ᠠᠬᠤᠢ ᠠᠷᠠᠯᠵᠢᠶ᠎ᠠ ᠪᠡᠯᠡ ᠣᠷᠣᠭᠤᠯᠤᠯᠲᠠ ᠶᠢᠨ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠺᠢᠷᠭᠢᠽᠰᠲ᠋ᠠᠨ ᠤ | ᠨᠠᠩ ᠣᠯᠠᠨ ᠴᠢᠨᠠᠷ ᠰᠠᠶᠢᠲᠠᠢ ᠲᠠᠸᠠᠷ ᠢ ᠣᠷᠣᠭᠤᠯᠵᠤ᠂ ᠨᠠᠩ ᠣᠯᠠᠨ ᠳᠤᠮᠳᠠᠳᠤ ᠶᠢᠨ ᠪᠠᠯᠡᠲᠤ ᠠᠵᠤ ᠠᠬᠤᠶᠢᠯᠠᠯ ᠤᠨ ᠺᠢᠷᠭᠢᠽᠰᠲ᠋ᠠᠨ ᠳᠤ ᠬᠦᠷᠴᠦ ᠪᠡᠯᠡ | ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠳᠡᠮᠵᠢᠨ᠎ᠡ᠂ ᠺᠢᠷᠭᠢᠽᠰᠲ᠋ᠠᠨ ᠤ ᠬᠢᠨ ᠳᠤᠮᠳᠠᠳᠤ ᠤᠯᠤᠰ ᠤᠨ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ᠃ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ | ᠺᠢᠷᠭᠢᠽᠰᠲ᠋ᠠᠨ ᠦᠽᠪᠤᠺᠰᠲ᠋ᠠᠨ ᠤ ᠲᠡᠮᠦᠷ ᠵᠠᠮ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠰᠠᠶᠢᠲᠤᠷ ᠪᠦᠲᠦᠭᠡᠨ ᠪᠠᠶᠢᠭᠤᠯᠵᠤ᠂ ᠨᠢᠭᠡᠨᠲᠡ ᠪᠠᠶᠢᠭ᠎ᠠ ᠬᠢᠯᠢ ᠶᠢᠨ | ᠪᠣᠭᠤᠮᠲᠠ ᠶᠢᠨ ᠣᠳᠣᠬᠢᠴᠢᠯᠠᠭᠰᠠᠨ ᠥᠭᠡᠷᠡᠴᠢᠯᠡᠯᠲᠡ ᠶᠢ ᠵᠡᠷᠭᠡ ᠪᠠᠷ ᠠᠬᠢᠭᠤᠯᠵᠤ᠂ ᠨᠡᠩ ᠤᠯᠠᠨ ᠠᠶᠠᠨᠴᠢᠳ ᠤᠨ ᠵᠥᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ | ᠡᠭᠡᠯᠵᠢ ᠶᠢᠨ ᠨᠢᠰᠬᠡᠯ ᠢ ᠨᠠᠪᠲᠠᠷᠡᠭᠦᠯᠵᠦ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠪᠠᠷᠠᠭᠠᠨ ᠤ ᠭᠦᠢᠯᠭᠡᠭᠡ ᠳᠤ ᠨᠡᠩ ᠤᠯᠠᠨ ᠲᠦᠭᠦᠮ ᠦᠵᠡᠭᠦᠯᠦᠶ᠎ᠡ᠃ | ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ | ᠬᠠᠮᠲᠤᠷᠠᠯᠴᠠᠭ᠎ᠠ ᠪᠠᠨ ᠥᠷᠭᠡᠳᠬᠡᠵᠦ᠂ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠶ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠰᠣᠶᠣᠯ ᠤᠨ ᠲᠥᠪ᠂ | ᠯᠦ ᠪᠠᠨ ᠦᠢᠯᠡᠳᠬᠡᠯ ᠤᠨ ᠭᠠᠵᠠᠷ᠂ ᠺᠦᠩᠽᠢ ᠳᠡᠭᠡᠳᠦ ᠰᠤᠷᠭᠠᠭᠤᠯᠢ ᠵᠡᠷᠭᠡ ᠪᠠᠶᠢᠭᠤᠯᠤᠮᠵᠢ ᠶᠢ ᠰᠠᠶᠢᠲᠤᠷ ᠡᠵᠡᠩᠨᠡᠵᠦ᠂ ᠣᠷᠣᠨ ᠨᠤᠲᠤᠭ ᠤᠨ ᠰᠣᠯᠢᠯᠴᠠᠭ᠎ᠠ ᠪᠠᠨ | ᠴᠢᠩᠭᠠᠳᠬᠠᠵᠤ᠂ ᠳᠤᠮᠳᠠᠳᠤ ᠺᠢᠷᠭᠢᠽᠰᠲ᠋ᠠᠨ ᠤ ᠨᠥᠬᠦᠷᠯᠡᠯ ᠤᠨ ᠦᠢᠯᠡᠰ ᠲᠤ ᠣᠷᠤᠯᠴᠠᠬᠤ ᠨᠡᠩ ᠤᠯᠠᠨ ᠬᠦᠴᠦᠨ ᠢ ᠪᠤᠶᠢᠵᠢᠭᠤᠯᠤᠶ᠎ᠠ᠃ ᠳᠤᠮᠳᠠᠳᠤ ᠶᠢᠨ ᠲᠠᠯ᠎ᠠ | ᠳᠤᠷᠠᠲᠠᠶ᠎ᠠ ᠺᠢᠷᠭᠢᠽᠰᠲ᠋ᠠᠨ ᠤ ᠲᠠᠯ᠎ᠠ ᠲᠠᠢ ᠨᠢᠭᠲᠠ ᠬᠠᠮᠵᠢᠯᠴᠠᠵᠤ᠂ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠬᠠᠮᠲᠤᠷᠠᠯᠴᠠᠭᠠᠨ ᠤ | ᠲᠦᠪᠰᠢᠨ ᠢ ᠳᠡᠭᠡᠭᠰᠢᠯᠡᠭᠦᠯᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠭᠠᠷ ᠬᠤᠯᠪᠣᠨ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃ | ᠵᠠᠫᠠᠯᠤᠹ᠂ ᠰᠢᠨ᠎ᠡ ᠵᠢᠯ ᠤᠨ ᠡᠬᠢᠨ ᠢᠶᠠᠷ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ ᠲᠡᠷᠢᠭᠦᠯᠡᠭᠴᠢ ᠰᠢ ᠶᠢᠨ ᠫᠢᠩ | ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠬᠠᠮᠤᠭ ᠤᠨ ᠰᠠᠶᠢᠨ ᠰᠠᠶᠢᠬᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠦᠶ᠎ᠡ᠃ ᠳᠤᠮᠳᠠᠳᠤ ᠤᠯᠤᠰ ᠤᠨ | ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠦ ᠶᠢ ᠬᠦᠰᠡᠨ ᠵᠥᠩᠨᠡᠵᠦ ᠪᠠᠶᠢᠨ᠎ᠠ᠃ | ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠬᠤᠣᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠶᠠᠨ ᠳᠤ | ᠭᠢᠯᠠᠯᠵᠠᠭᠰᠠᠨ ᠠᠮᠵᠢᠯᠲᠠ ᠣᠯᠵᠤ᠂ ᠡᠯ᠎ᠡ ᠤᠯᠤᠰ ᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠨ ᠬᠤᠪᠢᠶᠠᠯᠴᠠᠵᠤ᠂ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢᠨ | ᠬᠠᠮᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠡᠯᠡᠬᠡᠢ ᠳ᠋ᠠᠬᠢᠨ ᠳᠤ ᠦᠯᠢᠭᠡᠷ ᠳᠠᠭᠤᠷᠢᠶᠠᠯ ᠪᠣᠯᠪᠠ᠃ ᠺᠢᠷᠭᠢᠽᠰᠲ᠋ᠠᠨ ᠤ ᠬᠢᠨ | ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ᠎ᠠ᠃ ᠺᠢᠷᠭᠢᠽᠰᠲ᠋ᠠᠨ ᠳᠤᠮᠳᠠᠳᠤ ᠶᠢᠨ ᠨᠥᠭᠦᠷᠰᠡᠭ ᠶᠠᠪᠤᠯᠴᠠᠭ᠎ᠠ ᠥᠨᠢ ᠤᠳᠠᠭᠠᠨ | ᠲᠡᠦᠬᠡ ᠲᠠᠢ ᠶᠤᠮ᠃ ᠬᠤᠶᠠᠷ ᠤᠯᠤᠰ ᠤᠨ ᠬᠠᠷᠢᠯᠴᠠᠭ᠎ᠠ ᠣᠶᠢᠷ᠎ᠠ ᠶᠢᠨ ᠵᠢᠯ ᠳᠤ ᠰᠢᠨ᠎ᠡ ᠲᠦᠪᠰᠢᠨ ᠳᠤ ᠭᠦᠷᠪᠠ᠂ ᠳᠤᠮᠳᠠᠳᠤ ᠤᠯᠤᠰ ᠪᠣᠯ ᠺᠢᠷᠭᠢᠽᠰᠲ᠋ᠠᠨ ᠤ | ᠨᠠᠶᠢᠳᠠᠪᠤᠷᠢᠲᠠᠢ ᠨᠠᠶᠢᠵᠠ ᠪᠠ ᠬᠠᠨᠢᠲᠠᠨ ᠮᠥᠨ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠢᠭᠲᠠ ᠬᠠᠮᠲᠤᠷᠠᠯᠴᠠᠭ᠎ᠠ ᠥᠷᠨᠢᠭᠦᠯᠦᠭᠰᠡᠨ ᠪᠥᠭᠡᠳ | ᠦᠯᠡᠮᠵᠢ ᠦᠷ᠎ᠡ ᠪᠦᠲᠦᠭᠡᠯ ᠣᠯᠪᠠ᠃ ᠺᠢᠷᠭᠢᠽᠰᠲ᠋ᠠᠨ ᠤ ᠬᠢᠨ ᠲᠠᠶᠢᠸᠠᠨ᠂ ᠰᠢᠨᠵᠢᠶᠠᠩ ᠳᠤ ᠬᠤᠯᠪᠣᠭᠳᠠᠭᠰᠠᠨ᠂ ᠰᠢᠶᠠᠩᠭᠠᠩ ᠳᠤ ᠬᠤᠯᠪᠣᠭᠳᠠᠭᠰᠠᠨ ᠵᠡᠷᠭᠡ | ᠠᠰᠠᠭᠤᠳᠠᠯ ᠤᠨ ᠲᠠᠯ᠎ᠠ ᠪᠠᠷ ᠳᠤᠮᠳᠠᠳᠤ ᠤᠯᠤᠰ ᠢ ᠦᠷᠭᠦᠯᠵᠢᠯᠡᠨ ᠡᠷᠡᠰ ᠳᠡᠮᠵᠢᠨ᠎ᠡ᠃ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠺᠢᠷᠭᠢᠽᠰᠲ᠋ᠠᠨ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ︽ᠨᠢᠭᠡ ᠪᠦᠰᠡ | ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠺᠢᠷᠭᠢᠽᠰᠲ᠋ᠠᠨ ᠦᠽᠪᠤᠺᠰᠲ᠋ᠠᠨ ᠤ ᠲᠡᠮᠦᠷ ᠵᠠᠮ ᠭᠡᠬᠦ ᠡᠨᠡ ᠬᠦ ︽ᠪᠣᠯᠣᠳ | ᠲᠡᠮᠦᠷ ᠤᠨ ᠲᠣᠷᠭᠠᠨ ᠵᠠᠮ︾ ᠢ ᠰᠠᠶᠢᠲᠤᠷ ᠪᠦᠲᠦᠭᠡᠨ ᠪᠠᠶᠢᠭᠤᠯᠵᠤ᠂ ᠠᠵᠤ ᠦᠢᠯᠡᠰ᠂ ᠪᠡᠯᠡ ᠣᠷᠣᠭᠤᠯᠤᠯᠲᠠ᠂ ᠠᠷᠠᠯᠵᠢᠶ᠎ᠠ᠂ ᠵᠠᠮ ᠬᠠᠷᠢᠯᠴᠠᠭ᠎ᠠ᠂ ᠡᠯᠧᠺᠳ᠋ᠷᠣᠨ | ᠬᠤᠳᠠᠯᠳᠤᠭᠠᠨ ᠤ ᠶᠠᠪᠤᠳᠠᠯ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ | ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠬᠠᠮᠲᠤᠷᠠᠯᠴᠠᠵᠤ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠣᠨ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ | ᠠᠬᠢᠭᠤᠯᠵᠤ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃ | | | | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ | ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ | ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ | ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠥᠰᠥᠭ ᠵᠢᠷᠤᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠬᠡᠯᠡᠯᠴᠡᠭᠡ ᠲᠡᠭᠦᠰᠦᠭᠰᠡᠨ ᠤ ᠳᠠᠷᠠᠭ᠎ᠠ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ | ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠥᠰᠥᠭ ᠵᠢᠷᠤᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭᠠᠨ ᠤ ᠲᠥᠯᠦᠪᠵᠢᠭᠦᠯᠭᠡ ᠵᠢᠴᠢ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠣᠯᠠᠨ | ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ | ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠶᠢ ᠤᠭᠲᠤᠬᠤ ᠶᠣᠰᠣᠯᠠᠯ ᠶᠠᠪᠤᠭᠤᠯᠪᠠ᠃ | | | | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ | ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠢ ᠤᠭᠲᠤᠬᠤ | ᠶᠣᠰᠣᠯᠠᠯ ᠶᠠᠪᠤᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠢᠷᠭᠢᠽᠰᠲ᠋ᠠᠨ ᠬᠤᠶᠠᠷ ᠤᠯᠤᠰ ᠤᠨ | ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠵᠠᠫᠠᠯᠤᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠡᠳᠦᠷ ᠤᠨ ᠦᠳᠡ ᠳᠤ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ | ᠵᠠᠫᠠᠯᠤᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ |