ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠭᠦᠳᠡ ᠬᠤᠷᠠᠯᠳᠤᠭᠠᠨ ᠢ ᠡᠷᠬᠢᠯᠡᠨ | ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ | ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃ | ᠯᠢ ᠴᠢᠶᠠᠩ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠬᠦ ᠪᠣᠯ ᠪᠥᠬᠦ | ᠤᠯᠤᠰ ᠤᠨ ᠠᠷᠠᠳ ᠲᠦᠮᠡᠨ ᠠᠴᠠ ᠵᠠᠰᠠᠭ ᠤᠨ ᠣᠷᠳᠣᠨ ᠤ ᠠᠵᠢᠯ ᠢ ᠬᠢᠨᠠᠨ ᠰᠢᠯᠭᠠᠬᠤ ᠶᠢ ᠬᠦᠯᠢᠶᠡᠬᠦ ᠶᠠᠪᠤᠳᠠᠯ ᠪᠣᠯᠣᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠭᠦᠷᠭᠡᠯᠡᠵᠦ ᠪᠦᠬᠦᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠣᠨ᠎ᠠ᠃ ᠨᠢᠭᠡ ᠬᠤᠪᠢ ᠴᠢᠨᠠᠷ ᠰᠠᠶᠢᠲᠠᠢ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠢ ᠪᠦᠷᠢᠯᠳᠦᠭᠦᠯᠬᠦ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠢᠲᠡᠭᠡᠯ ᠵᠣᠷᠢᠭ ᠢ ᠬᠦᠪᠴᠢᠯᠡᠨ᠂ ᠬᠥᠭᠵᠢᠯᠲᠡ ᠶᠢ ᠠᠬᠢᠭᠤᠯᠬᠤ ᠳᠤ ᠴᠢᠬᠤᠯᠠ | ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠤᠯᠠᠨ ᠲᠦᠮᠡᠨ ᠤ ᠬᠦᠰᠡᠵᠦ ᠪᠠᠶᠢᠭ᠎ᠠ ᠪᠠ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ | ᠢᠳᠡᠪᠬᠢᠲᠡᠢ ᠪᠠᠷ ᠬᠠᠷᠢᠭᠤᠯᠲᠠ ᠥᠭᠴᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠶᠢ ᠭᠦᠢᠴᠡᠳ ᠢᠯᠡᠷᠡᠭᠦᠯᠦᠨ᠂ ᠢᠯᠡᠳᠬᠡᠯ ᠳᠤ ᠤᠯᠠᠮ ᠨᠢᠭᠡ | ᠠᠯᠬᠤᠮ ᠰᠠᠶᠢᠲᠤᠷ ᠵᠠᠰᠠᠪᠤᠷᠢ ᠣᠷᠣᠭᠤᠯᠬᠤ ᠬᠡᠷᠡᠭᠲᠡᠢ᠃ | | | | | 2 ᠳ᠋ᠤᠭᠠᠷ ᠰᠠᠷ᠎ᠠ ᠶᠢᠨ 5 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ | ᠳᠣᠯᠣᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠵᠢᠯ ᠳᠤ᠂ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠨᠠᠮ ᠤᠨ ᠲᠥᠪ ᠬᠤᠷᠢᠶᠠᠨ ᠤ ᠦᠨᠳᠦᠰᠦᠨ | ᠪᠣᠳᠣᠯᠭ᠎ᠠ ᠴᠢᠭᠯᠡᠯᠲᠡ᠂ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ ᠨᠢᠭᠡᠨᠲᠡ ᠮᠠᠰᠢ ᠲᠣᠳᠣᠷᠬᠠᠢ ᠪᠣᠯᠵᠠᠢ᠂ ᠨᠠᠶᠢᠳᠠᠪᠤᠷᠢᠵᠢᠭᠤᠯᠤᠯᠲᠠ ᠶᠢ ᠰᠢᠰᠲ᠋ᠧᠮᠵᠢᠭᠦᠯᠦᠨ | ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ ᠪᠦᠬᠦᠯᠢ ᠴᠣᠭᠴᠠ ᠶᠢᠨ ᠡᠵᠡᠮᠳᠡᠯ ᠢ ᠴᠢᠬᠤᠯᠠᠴᠢᠯᠠᠵᠤ᠂ ᠤᠯᠤᠰ ᠤᠨ ᠳᠣᠲᠣᠭᠠᠳᠤ ᠪᠠ ᠤᠯᠤᠰ ᠤᠨ ᠭᠠᠳᠠᠭᠠᠳᠤ᠂ | ᠣᠳᠣᠬᠠᠨ ᠪᠠ ᠠᠯᠤᠰ ᠬᠡᠳᠦ᠂ ᠬᠤᠷᠸ᠎ᠠ ᠪᠠ ᠪᠢᠴᠢᠯ᠂ ᠬᠥᠭᠵᠢᠯᠲᠡ ᠪᠠ ᠠᠮᠤᠷ ᠲᠦᠪᠰᠢᠨ ᠵᠡᠷᠭᠡ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠦᠯᠦᠪᠵᠢᠭᠦᠯᠦᠨ᠂ | ᠤᠯᠠᠨ ᠳᠠᠪᠬᠤᠷ ᠬᠠᠷᠠᠯᠲᠠ ᠶᠢᠨ ᠳᠣᠣᠷᠠᠬᠢ ᠡᠯ᠎ᠡ ᠲᠠᠯ᠎ᠠ ᠶᠢᠨ ᠠᠵᠢᠯ ᠤᠨ ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠦᠨᠡᠨ ᠬᠦ ᠴᠢᠩᠭᠠᠳᠬᠠᠬᠤ ᠶᠢᠨ ᠬᠠᠮᠲᠤ ᠪᠠᠰᠠ | ᠰᠢᠪᠲᠤᠯᠤᠯᠲᠠ ᠬᠢᠬᠦ ᠶᠢ ᠡᠷᠢᠯᠬᠢᠯᠡᠵᠦ᠂ ᠳᠠᠯᠳᠠ ᠬᠦᠴᠦᠨ ᠢᠶᠠᠷ ᠭᠦᠢᠴᠡᠳ᠂ ᠣᠷᠣᠨ ᠵᠠᠢ ᠪᠠᠷ ᠶᠡᠭᠡ ᠬᠥᠭᠵᠢᠯᠲᠡ ᠶᠢᠨ ᠬᠦᠷᠢᠶ᠎ᠡ ᠴᠠᠷᠠᠭ᠎ᠠ ᠶᠢ ᠣᠨᠣᠪᠴᠢᠲᠠᠢ ᠡᠷᠢᠵᠦ | ᠂ ᠬᠦᠲᠦᠯᠦᠨ ᠳᠠᠭᠠᠭᠤᠯᠬᠤ ᠴᠢᠨᠠᠷ ᠢᠶᠠᠷ ᠴᠢᠩᠭ᠎ᠠ᠂ ᠬᠥᠰᠢᠭᠦᠷᠭᠡᠲᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠰᠠᠶᠢᠲᠤᠷ ᠰᠦᠪᠡᠭᠴᠢᠯᠡᠨ᠂ ᠪᠦᠬᠦ ᠲᠠᠯ᠎ᠠ ᠶᠢ | ᠲᠠᠶᠢᠴᠢᠯᠠᠵᠤ ᠳᠡᠶᠢᠯᠬᠦ ᠨᠡᠩ ᠤᠯᠠᠨ ᠲᠣᠪᠤᠶᠢᠮ᠎ᠠ ᠬᠢᠯᠠᠰ ᠴᠡᠭ ᠢ ᠪᠤᠢ ᠪᠣᠯᠭᠠᠬᠤ ᠬᠡᠷᠡᠭᠲᠡᠢ᠃ ᠠᠵᠢᠯ ᠤᠨ ᠦᠢᠯᠡᠳᠦᠯᠭᠡ ᠳᠤᠮᠳᠠ ᠪᠠᠨ ᠰᠦᠪᠡᠭᠴᠢᠯᠡᠨ | ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠬᠦ ᠪᠠ ᠪᠠᠶᠠᠯᠢᠭᠵᠢᠭᠤᠯᠤᠨ ᠦᠷᠭᠡᠳᠬᠡᠵᠦ᠂ ᠬᠥᠭᠵᠢᠯᠲᠡ ᠶᠢᠨ ᠬᠠᠷᠠᠯᠲᠠ ᠪᠠᠨ | ᠲᠣᠭᠲᠠᠭᠠᠨ᠂ ᠴᠠᠭ ᠪᠠ ᠪᠠᠶᠢᠳᠠᠯ ᠢ ᠦᠨᠳᠦᠰᠦᠯᠡᠨ ᠰᠥᠷᠭᠡᠦ ᠦᠶᠡᠯᠡᠯ ᠤᠨ ᠬᠤᠭᠤᠴᠠᠭᠠᠨ ᠳᠠᠬᠢ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ | ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠨᠡᠶᠢᠳᠬᠡᠬᠦ ᠳᠤ ᠲᠥᠪᠯᠡᠷᠡᠭᠦᠯᠦᠨ ᠬᠦᠴᠦᠯᠡᠵᠦ᠂ ᠠᠳᠠᠯᠢ ᠴᠢᠭᠯᠡᠯ ᠢᠶᠠᠷ | ᠬᠦᠴᠦᠯᠡᠨ᠎ᠡ︔ ᠡᠩ ᠤᠨ ᠵᠤᠷᠰᠢᠯ ᠢ ᠵᠣᠷᠢᠭᠲᠠᠢ ᠪᠠᠷ ᠡᠪᠳᠡᠨ᠂ ᠮᠡᠳᠡᠷᠡᠵᠦ ᠬᠦᠷᠲᠡᠬᠦ᠋ᠢᠴᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ | ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠬᠢᠭᠡᠳ ᠵᠠᠬ᠎ᠠ ᠳᠡᠯᠭᠡᠭᠦᠷ ᠤᠨ ᠦᠢᠯᠡᠳᠦᠯᠴᠡᠯ ᠢ | ᠴᠢᠩᠭᠠᠳᠬᠠᠨ᠎ᠠ᠃ | ᠯᠢ ᠴᠢᠶᠠᠩ᠂ ᠨᠠᠩ ᠴᠢᠩᠭ᠎ᠠ ᠡᠭᠦᠷᠭᠡᠯᠡᠯ᠂ ᠨᠠᠩ ᠢᠳᠡᠪᠬᠢᠲᠡᠢ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ | ᠣᠯᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠠᠨᠢᠨ ᠬᠠᠮᠲᠤ ᠪᠠᠷ ᠤᠷᠤᠭᠰᠢᠯᠠᠵᠤ᠂ ᠭᠠᠳᠠᠭᠠᠳᠤ ᠪᠠᠶᠢᠳᠠᠯ ᠤᠨ ᠬᠤᠪᠢᠷᠠᠯᠲᠠ ᠳᠤ | ᠪᠤᠰᠤᠳᠴᠢ ᠬᠤᠪᠢᠰᠤᠩᠭᠤᠢ ᠪᠠᠷ ᠬᠠᠨᠳᠤᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠪᠠ ᠭᠠᠳᠠᠭᠠᠳᠤ ᠶᠢᠨ | ᠥᠷᠢᠰᠦᠯᠳᠦᠭᠡᠨ ᠢ ᠠᠷᠭᠠᠴᠠᠭᠠᠬᠤ ᠶᠢ ᠨᠢᠭᠡᠳᠦᠯᠲᠡᠢ ᠲᠦᠯᠦᠪᠵᠢᠭᠦᠯᠦᠨ᠂ ᠳᠠᠷᠤᠯᠲᠠ ᠶᠢ ᠬᠦᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠳᠤ ᠪᠠᠨ ᠴᠢᠳᠠᠮᠠᠭᠠᠢ | ᠪᠠᠶᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠤᠨ ᠲᠡᠰ ᠳᠡᠪᠰᠢᠭᠦᠯᠬᠦ ᠶᠢ ᠠᠬᠢᠭᠤᠯᠬᠤ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠤ ᠰᠢᠨ᠎ᠡ | ᠰᠢᠪᠲᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠯᠤᠰ ᠢ ᠪᠣᠳᠣᠯᠬᠢᠯᠠᠨ ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠢ᠃ ᠴᠢᠷᠮᠠᠶᠢᠨ | ᠠᠵᠢᠯᠯᠠᠵᠤ᠂ ᠰᠠᠶᠢᠲᠤᠷ ᠬᠢᠵᠦ ᠪᠦᠲᠦᠭᠡᠨ᠂ ᠴᠠᠭ ᠪᠢᠳᠡᠨ ᠢ ᠬᠦᠯᠢᠶᠡᠬᠦ ᠦᠭᠡᠢ ᠪᠠᠶᠢᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠳᠤ ᠴᠢᠳᠠᠮᠠᠭᠠᠢ | ᠪᠠᠶᠢᠵᠤ᠂ ᠠᠵᠢᠯ ᠤᠨ ᠨᠡᠪᠲᠡᠯᠬᠦ ᠬᠦᠴᠦᠨ ᠢ ᠬᠦᠴᠦᠯᠡᠨ ᠴᠢᠩᠭᠠᠳᠬᠠᠵᠤ᠂ ᠬᠠᠷᠠᠯᠲᠠ ᠶᠢ ᠲᠣᠳᠣᠷᠬᠠᠢ ᠪᠦᠭᠡᠳ ᠦᠨᠡᠯᠡᠨ ᠵᠢᠱᠢᠬᠦ᠋ᠢᠴᠡ᠂ ᠲᠦᠷᠦ ᠶᠢᠨ ᠪᠣᠳᠣᠯᠭ᠎ᠠ ᠶᠢ | ᠲᠣᠳᠣᠷᠬᠠᠢ ᠪᠦᠭᠡᠳ ᠬᠡᠷᠡᠭᠵᠢᠭᠦᠯᠬᠦ᠋ᠢᠴᠡ᠂ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠭᠦᠢᠴᠡᠬᠦ ᠪᠣᠯᠭᠠᠵᠤ᠂ ᠨᠡᠩ ᠤᠯᠠᠨ ᠤᠶᠤᠨ | ᠴᠢᠳᠠᠯ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠠᠢ ᠶᠠᠪᠤᠳᠠᠯ ᠬᠢᠬᠦ ᠳᠤ ᠬᠡᠷᠡᠭᠯᠡᠬᠦ ᠶᠢᠨ ᠬᠠᠮᠲᠤ ᠬᠡᠷᠡᠭᠵᠢᠭᠦᠯᠬᠦ ᠶᠠᠪᠤᠴᠠ ᠳᠤ ᠪᠠᠨ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ | ᠪᠦᠯᠬᠦᠮᠳᠡᠨ ᠲᠡᠮᠡᠴᠡᠵᠦ᠂ ᠵᠠᠬ᠎ᠠ ᠳᠡᠯᠭᠡᠭᠦᠷ ᠤᠨ ᠤᠬᠠᠮᠰᠠᠷ᠂ ᠬᠠᠤᠯᠢᠵᠢᠯ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ ᠢᠶᠠᠷ ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ ᠨᠦᠬᠦᠴᠡᠯ ᠢ ᠪᠤᠢ ᠪᠣᠯᠭᠠᠵᠤ᠂ ᠡᠯ᠎ᠡ | ᠲᠦᠷᠦᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠨᠡᠩ ᠰᠠᠶᠢᠨ ᠨᠥᠬᠦᠴᠡᠯ ᠬᠠᠩᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠠᠵᠢᠯ ᠬᠢᠵᠦ | ᠦᠢᠯᠡᠰ ᠪᠣᠰᠬᠠᠬᠤ ᠳᠤ ᠨᠢ ᠨᠡᠩ ᠤᠯᠠᠨ ᠠᠵᠠ ᠲᠣᠬᠢᠶᠠᠯ ᠣᠯᠭᠤᠵᠤ᠂ ᠪᠦᠬᠦ ᠨᠡᠶᠢᠭᠡᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ |