2024 ᠣᠨ ᠳᠤ ᠪᠥᠬᠦ ᠣᠷᠣᠨ ᠤ ᠮᠡᠷᠭᠡᠵᠢᠯ ᠤᠨ ᠭᠡᠷ᠎ᠡ ᠶᠢ ᠲᠡᠮᠳᠡᠭᠯᠡᠨ ᠳᠠᠩᠰᠠᠯᠠᠭᠤᠯᠤᠭᠰᠠᠨ ᠲᠤᠭ᠎ᠠ ᠬᠡᠮᠵᠢᠶ᠎ᠡ ᠬᠢᠭᠡᠳ ᠠᠷᠠᠯᠵᠢᠭᠰᠠᠨ ᠲᠤᠭ᠎ᠠ ᠶᠢᠨ ᠬᠤᠤᠰ ᠨᠡᠮᠡᠭᠳᠡᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/2/7
     2024 ᠣᠨ ᠳᠤ ᠪᠥᠬᠦ ᠣᠷᠣᠨ ᠤ ᠮᠡᠷᠭᠡᠵᠢᠯ ᠤᠨ ᠭᠡᠷ᠎ᠡ ᠶᠢ ᠲᠡᠮᠳᠡᠭᠯᠡᠨ ᠳᠠᠩᠰᠠᠯᠠᠭᠤᠯᠤᠭᠰᠠᠨ ᠲᠤᠭ᠎ᠠ ᠬᠡᠮᠵᠢᠶ᠎ᠡ ᠬᠢᠭᠡᠳ ᠠᠷᠠᠯᠵᠢᠭᠰᠠᠨ ᠲᠤᠭ᠎ᠠ ᠶᠢᠨ ᠬᠤᠤᠰ ᠨᠡᠮᠡᠭᠳᠡᠯ ᠢ ᠪᠡᠶᠡᠯᠡᠭᠦᠯᠪᠡ᠃ 2024 ᠣᠨ ᠳᠤ ᠪᠥᠬᠦ ᠣᠷᠣᠨ ᠳᠤ ᠨᠡᠶᠢᠲᠡ ᠮᠡᠷᠭᠡᠵᠢᠯ ᠤᠨ ᠭᠡᠷ᠎ᠡ ᠶᠢ 2414 ᠵᠦᠢᠯ ᠳᠠᠩᠰᠠᠯᠠᠨ ᠲᠡᠮᠳᠡᠭᠯᠡᠵᠦ᠂ ᠠᠳᠠᠯᠢ ᠬᠤᠭᠤᠴᠠᠭᠠᠨ ᠤ ᠬᠢ ᠠᠴᠠ 8.79% ᠪᠠᠷ ᠨᠡᠮᠡᠭᠳᠡᠨ᠂ ᠭᠡᠷ᠎ᠡ ᠶᠢᠨ ᠠᠷᠠᠯᠵᠢᠭᠰᠠᠨ ᠲᠤᠭ᠎ᠠ ᠠᠩᠬ᠎ᠠ ᠤᠳᠠᠭ᠎ᠠ 80 ᠳ᠋ᠦᠩᠰᠢᠭᠤᠷ ᠲᠥᠭᠦᠷᠢᠭ ᠢ ᠳᠠᠪᠠᠵᠤ᠂ 82.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.13% ᠪᠠᠷ ᠨᠡᠮᠡᠭᠳᠡᠵᠦ᠂ ᠣᠨ ᠤ ᠬᠠᠷᠠᠯᠲᠠᠲᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠳᠠᠩᠰᠠᠯᠠᠨ ᠲᠡᠮᠳᠡᠭᠯᠡᠭᠰᠡᠨ ᠬᠤᠲᠠ ᠠᠴᠠ ᠠᠪᠴᠤ ᠦᠵᠡᠪᠡᠯ᠂ ᠪᠤᠭᠤᠲᠤ ᠬᠤᠲᠠ᠂ ᠬᠥᠬᠡᠬᠤᠲᠠ᠂ ᠣᠷᠳᠣᠰ ᠬᠤᠲᠠ ᠶᠢᠨ ᠮᠡᠷᠭᠡᠵᠢᠯ ᠤᠨ ᠠᠷᠠᠯᠵᠢᠶᠠᠨ ᠤ ᠠᠷᠠᠯᠵᠢᠭᠰᠠᠨ ᠲᠤᠭ᠎ᠠ ᠨᠢ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠵᠤ᠂ ᠲᠣᠰ ᠲᠣᠰ 20.57 ᠳ᠋ᠦᠩᠰᠢᠭᠤᠷ ᠲᠥᠭᠦᠷᠢᠭ᠂ 19.13 ᠳ᠋ᠦᠩᠰᠢᠭᠤᠷ ᠲᠥᠭᠦᠷᠢᠭ᠂ 10 ᠳ᠋ᠦᠩᠰᠢᠭᠤᠷ ᠲᠥᠭᠦᠷᠢᠭ ᠪᠣᠯᠤᠨ᠎ᠠ᠃ ᠮᠡᠷᠭᠡᠵᠢᠯ ᠤᠨ ᠭᠡᠷ᠎ᠡ ᠶᠢᠨ ᠲᠦᠷᠦᠯ ᠢᠯᠭᠠᠯ ᠠᠴᠠ ᠠᠪᠴᠤ ᠦᠵᠡᠪᠡᠯ᠂ ᠭᠤᠣᠯᠳᠠᠭᠤ ᠮᠡᠷᠭᠡᠵᠢᠯ ᠤᠨ ᠨᠡᠭᠡᠭᠡᠯᠲᠡ ᠶᠢᠨ ᠭᠡᠷ᠎ᠡ ᠪᠠ ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠪᠠᠷ ᠭᠤᠣᠯᠳᠠᠭᠤᠯᠵᠤ᠂ ᠬᠤᠶᠠᠷ ᠲᠥᠷᠥᠯ ᠤᠨ ᠭᠡᠷ᠎ᠡ ᠶᠢᠨ ᠵᠦᠢᠯ ᠤᠨ ᠲᠤᠭ᠎ᠠ ᠪᠠ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠨᠢ ᠲᠤᠰ ᠲᠤᠰ ᠪᠦᠬᠦ ᠣᠷᠣᠨ ᠤ ᠮᠡᠷᠭᠡᠵᠢᠯ ᠤᠨ ᠠᠷᠠᠯᠵᠢᠶᠠᠨ ᠤ 80.86% ᠪᠠ 86.22% ᠢ ᠡᠵᠡᠯᠡᠪᠡ᠃ ᠮᠡᠷᠭᠡᠵᠢᠯ ᠤᠨ ᠭᠡᠷ᠎ᠡ ᠶᠢᠨ ᠬᠠᠷᠢᠶᠠᠨ ᠳᠠᠬᠢ ᠮᠡᠷᠭᠡᠵᠢᠯ ᠤᠨ ᠬᠦᠷᠢᠶ᠎ᠡ ᠴᠠᠷᠠᠭ᠎ᠠ ᠠᠴᠠ ᠠᠪᠴᠤ ᠦᠵᠡᠪᠡᠯ᠂ ᠭᠤᠣᠯᠳᠠᠭᠤ ᠠᠭᠠᠷ ᠰᠠᠨᠰᠠᠷ ᠠᠶᠠᠯᠠᠯ ᠤᠨ ᠬᠦᠷᠢᠶ᠎ᠡ᠂ ᠲᠡᠷᠢᠭᠦᠨ ᠤ ᠦᠢᠯᠡᠳᠬᠦ ᠬᠦᠷᠢᠶ᠎ᠡ ᠪᠠ ᠲᠠᠷᠢᠶᠠᠯᠠᠩ ᠤᠨ ᠬᠦᠷᠢᠶᠡᠨ ᠳᠤ ᠲᠥᠪᠯᠡᠷᠡᠵᠦ᠂ ᠭᠤᠷᠪᠠᠨ ᠶᠡᠭᠡ ᠬᠦᠷᠢᠶᠡᠨ ᠤ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠨᠢ 28.59 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠣᠷᠣᠨ ᠤ ᠮᠡᠷᠭᠡᠵᠢᠯ ᠤᠨ ᠠᠷᠠᠯᠵᠢᠶᠠᠨ ᠤ ᠵᠣᠭᠤᠰ ᠤᠨ ᠲᠣᠭᠠᠨ ᠳᠠᠬᠢ ᠡᠵᠡᠯᠡᠬᠦ ᠬᠠᠷᠢᠴᠠᠯ ᠨᠢ 51.25% ᠪᠣᠯᠪᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ