ᠶᠢᠰᠦᠨ ᠰᠠᠯᠠᠭ᠎ᠠ ᠮᠥᠴᠢᠷ 2025 ᠣᠨ ᠤ ︽ᠬᠦᠯᠦᠰᠦᠨ ᠠᠵᠢᠯᠴᠢᠨ ᠤ ᠬᠠᠪᠤᠷ ᠤᠨ ᠤᠷᠢ︾ ᠦᠢᠯᠡᠴᠢᠯᠡᠭᠡᠨ ᠤ ᠠᠵᠢᠯᠯᠠᠭᠠᠨ ᠢ ᠬᠠᠮᠲᠤᠷᠠᠨ ᠥᠷᠨᠢᠭᠦᠯᠪᠡ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠠᠷᠠᠳ ᠤᠨ ᠶᠠᠪᠤᠳᠠᠯ ᠤᠨ ᠶᠠᠮᠤᠨ | ᠵᠡᠷᠭᠡ 9 ᠰᠠᠯᠠᠭ᠎ᠠ ᠮᠥᠴᠢᠷ ᠣᠶᠢᠷ᠎ᠠ ᠶᠢᠨ ᠡᠳᠦᠷ ᠮᠡᠳᠡᠭᠳᠡᠯ ᠨᠡᠶᠢᠲᠡᠯᠡᠵᠦ᠂ 1 ᠳ᠋ᠦ᠋ᠭᠡᠷ ᠰᠠᠷ᠎ᠠ ᠠᠴᠠ 2 ᠳ᠋ᠤᠭᠠᠷ ᠰᠠᠷ᠎ᠠ ᠪᠣᠯᠲᠠᠯ᠎ᠠ 2025 ᠣᠨ ᠤ ︽ᠬᠥᠯᠥᠰᠥᠨ | ᠠᠵᠢᠯᠴᠢᠨ ᠤ ᠬᠠᠪᠤᠷ ᠤᠨ ᠤᠷᠢ︾ ᠦᠢᠯᠡᠴᠢᠯᠡᠭᠡᠨ ᠤ ᠠᠵᠢᠯᠯᠠᠭᠠᠨ ᠢ ᠬᠠᠮᠲᠤᠷᠠᠨ ᠥᠷᠨᠢᠭᠦᠯᠦᠨ᠎ᠡ ᠭᠡᠵᠦ ᠳᠤᠷᠠᠳᠤᠨ ᠭᠠᠷᠭᠠᠪᠠ᠃ ᠮᠡᠳᠡᠭᠳᠡᠯ ᠳᠤ᠂ ᠬᠥᠯᠥᠰᠥᠨ | ᠠᠵᠢᠯᠴᠢᠨ ᠤ ᠴᠠᠭᠠᠨ ᠰᠠᠷ᠎ᠠ ᠶᠢᠨ ᠪᠠᠶᠠᠷ ᠠᠴᠠ ᠡᠮᠦᠨ᠎ᠡ ᠨᠤᠲᠤᠭ ᠲᠤ ᠪᠠᠨ ᠪᠤᠴᠠᠬᠤ᠂ ᠴᠠᠭᠠᠨ ᠰᠠᠷ᠎ᠠ ᠶᠢᠨ ᠪᠠᠶᠠᠷ ᠤᠨ ᠳᠠᠷᠠᠭ᠎ᠠ ᠪᠠᠷ ᠠᠵᠢᠯ ᠤᠨ ᠪᠠᠶᠢᠷᠢ ᠳᠤ ᠪᠠᠨ | ᠪᠤᠴᠠᠬᠤ ᠬᠡᠷᠡᠭᠴᠡᠭᠡ ᠱᠠᠭᠠᠷᠳᠠᠯᠭ᠎ᠠ ᠯᠤᠭ᠎ᠠ ᠤᠶᠠᠯᠳᠤᠭᠤᠯᠤᠨ᠂ ᠲᠡᠭᠡᠭᠡᠪᠦᠷᠢ ᠶᠢᠨ ᠬᠦᠴᠦᠨ ᠢ ᠪᠠᠲᠤᠯᠠᠬᠤ ᠪᠠ ᠲᠡᠭᠡᠭᠡᠪᠦᠷᠢ ᠶᠢ ᠵᠣᠬᠢᠶᠠᠨ ᠪᠠᠶᠢᠭᠤᠯᠵᠤ | ᠲᠣᠬᠢᠷᠠᠭᠤᠯᠬᠤ ᠪᠠᠨ ᠴᠢᠩᠭᠠᠷᠠᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ ᠲᠤᠰᠬᠠᠶ ᠲᠡᠷᠭᠡ ᠬᠥᠰᠬᠡ᠂ ᠲᠤᠰᠬᠠᠢ ᠭᠠᠯᠲᠤ ᠲᠡᠷᠭᠡ ︵ᠸᠠᠭᠤᠨ︶᠂ | ᠨᠢᠰᠬᠡᠯ ᠵᠡᠷᠭᠡ ᠶᠢ ᠳᠠᠭᠠᠭᠠᠴᠢᠯᠠᠬᠤ ︽ᠴᠡᠭ ᠠᠴᠠ ᠴᠡᠭ ᠲᠤ ᠰᠢᠭᠤᠳ ᠬᠦᠷᠭᠡᠬᠦ︾ ᠦᠢᠯᠡᠴᠢᠯᠡᠭᠡ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠮᠤᠵᠢ | ᠠᠯᠤᠰᠯᠠᠨ ᠭᠠᠳᠠᠭᠰᠢ ᠭᠠᠷᠴᠤ ᠬᠦᠴᠦ ᠶᠠᠪᠤᠵᠤ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠬᠦᠮᠦᠰ ︵ᠪᠤᠴᠠᠭᠠᠳ ᠶᠠᠳᠠᠭᠤᠷᠠᠬᠤ ᠶᠢ ᠨᠢ ᠰᠡᠷᠭᠡᠶᠢᠯᠡᠵᠦ ᠰᠢᠨᠵᠢᠬᠦ | ᠬᠦᠮᠦᠰ ᠢ ᠪᠠᠭᠲᠠᠭᠠᠨ᠎ᠠ︶ ᠲᠤ ᠨᠢᠭᠡ ᠤᠳᠠᠭ᠎ᠠ ᠶᠢᠨ ᠴᠢᠨᠠᠷᠲᠠᠶ ᠪᠠᠷ ᠵᠠᠮ ᠬᠠᠷᠢᠯᠴᠠᠭᠠᠨ ᠤ ᠨᠥᠬᠦᠪᠥᠷᠢ ᠥᠭᠬᠦ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ | ᠬᠡᠷᠡᠭᠲᠡᠢ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠯ᠎ᠠ ᠪᠠᠷ᠂ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠰᠠᠨᠠᠭ᠎ᠠ ᠠᠮᠤᠷ ᠠᠵᠢᠯᠯᠠᠭᠤᠯᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠴᠠᠭᠠᠨ ᠰᠠᠷ᠎ᠠ ᠶᠢᠨ ᠪᠠᠶᠠᠷ ᠠᠴᠠ ᠡᠮᠦᠨ᠎ᠡ | ᠨᠤᠲᠤᠭ ᠲᠤ ᠪᠠᠨ ᠪᠤᠴᠠᠭᠰᠠᠨ ᠬᠥᠯᠥᠰᠥᠨ ᠠᠵᠢᠯᠴᠢᠨ ᠤ ᠴᠠᠭᠠᠨ ᠰᠠᠷ᠎ᠠ ᠶᠢᠨ ᠪᠠᠶᠠᠷ ᠤᠨ ᠳᠠᠷᠠᠭ᠎ᠠ ᠪᠠᠷ ᠠᠵᠢᠯ ᠤᠨ ᠪᠠᠶᠢᠷᠢ ᠳᠤ ᠪᠠᠨ ᠪᠤᠴᠠᠬᠤ ᠬᠦᠰᠡᠯ ᠰᠠᠨᠠᠭ᠎ᠠ ᠶᠢ | ᠤᠶᠢᠯᠠᠭᠠᠨ ᠡᠵᠡᠮᠰᠢᠵᠦ᠂ ᠬᠥᠯᠥᠰᠥᠨ ᠠᠵᠢᠯᠴᠢᠨ ᠤ ᠴᠠᠭᠠᠨ ᠰᠠᠷ᠎ᠠ ᠶᠢᠨ ᠪᠠᠶᠠᠷ ᠤᠨ ᠳᠠᠷᠠᠭ᠎ᠠ ᠪᠠᠷ ᠠᠵᠢᠯ ᠤᠨ ᠪᠠᠶᠢᠷᠢ ᠳᠤ ᠪᠠᠨ ᠪᠤᠴᠠᠵᠤ ᠠᠵᠢᠯᠯᠠᠬᠤ ᠶᠢ ᠬᠥᠲᠥᠯᠥᠨ | ᠵᠢᠯᠣᠭᠤᠳᠬᠤ ᠬᠡᠷᠡᠭᠲᠡᠶ᠃ ᠮᠡᠳᠡᠭᠳᠡᠯ ᠳᠤ᠂ ᠴᠠᠭᠠᠨ ᠰᠠᠷ᠎ᠠ ᠠᠴᠠ ᠡᠮᠦᠨ᠎ᠡ ᠪᠣᠯ ᠴᠠᠯᠢᠩ ᠢ ᠳ᠋ᠦᠩᠨᠡᠨ ᠪᠤᠳᠤᠬᠤ ᠠᠵᠢᠯ ᠤᠨ ᠣᠷᠭᠢᠯ ᠬᠤᠭᠤᠴᠠᠭ᠎ᠠ ᠪᠣᠯᠣᠨ᠎ᠠ᠂ | ᠴᠠᠯᠢᠩ ᠢ ᠨᠢ ᠥᠷᠢᠲᠦᠬᠦ ᠶᠢ ᠬᠠᠮᠢᠶᠠᠷᠴᠤ ᠵᠠᠰᠠᠬᠤ ᠡᠪᠦᠯ ᠤᠨ ᠤᠯᠠᠷᠢᠯ ᠤᠨ ᠠᠵᠢᠯᠯᠠᠭᠠᠨ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠥᠯᠥᠰᠥᠨ | ᠠᠵᠢᠯᠴᠢᠨ ᠤ ᠴᠠᠯᠢᠩ ᠢ ᠥᠷᠢᠲᠦᠵᠦ ᠬᠤᠶᠢᠰᠢᠯᠠᠭᠤᠯᠬᠤ ᠮᠠᠷᠭᠤᠯᠳᠤᠭᠠᠨ ᠢ ︽ᠲᠦᠷᠭᠡᠨ ᠲᠣᠭᠲᠠᠭᠠᠬᠤ᠂ ᠲᠦᠷᠭᠡᠨ ᠲᠣᠬᠢᠷᠠᠭᠤᠯᠬᠤ᠂ ᠲᠦᠷᠭᠡᠨ ᠬᠢᠨᠠᠬᠤ᠂ ᠲᠦᠷᠭᠡᠨ | ᠳᠠᠭᠤᠰᠬᠠᠬᠤ︾ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠠᠭᠤᠷᠢ ᠠᠴᠠ ᠨᠢ ᠪᠠᠲᠤᠯᠠᠵᠤ ᠬᠠᠪᠰᠤᠷᠤᠨ | ᠲᠡᠳᠬᠦᠬᠦ ᠶᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠬᠦᠴᠢᠷᠳᠡᠯ ᠲᠠᠢ ᠬᠥᠯᠥᠰᠥᠨ ᠠᠵᠢᠯᠴᠢᠨ ᠳᠤ ᠨᠡᠶᠢᠭᠡᠮ ᠤᠨ ᠲᠤᠰᠠᠯᠠᠮᠵᠢ ᠶᠢ ᠴᠠᠭ ᠲᠤᠬᠠᠶ ᠳᠤ ᠨᠢ | ᠬᠠᠩᠭᠠᠵᠤ᠂ ᠨᠥᠬᠦᠴᠡᠯ ᠳᠤ ᠨᠡᠶᠢᠴᠡᠭᠰᠡᠨ ᠠᠵᠢᠯ ᠠᠯᠳᠠᠭᠠᠳ ᠪᠠᠶᠢᠭ᠎ᠠ ᠬᠥᠯᠥᠰᠥᠨ ᠠᠵᠢᠯᠴᠢᠨ ᠳᠤ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠣᠯᠭᠤᠬᠤ | ᠬᠡᠷᠡᠭᠲᠡᠶ ᠭᠡᠵᠦ ᠴᠢᠬᠤᠯᠠᠴᠢᠯᠠᠪᠠ᠃ ︵ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠰᠢᠠᠬᠤᠧᠠ ᠬᠤᠷᠢᠶᠠᠨ ᠤ ᠮᠡᠳᠡᠭᠡ ᠠᠴᠠ ᠱᠦᠭᠦᠪᠡ︶ |