ᠬᠦᠯᠦᠨ ᠪᠤᠶᠢᠷ ᠬᠤᠳᠠ ᠪᠤᠶᠢᠳᠠ ᠪᠦᠭᠯᠡᠬᠦᠦ ᠭᠠᠵᠠᠷ ᠤᠨ ᠮᠠᠯᠴᠢᠨ ᠲᠠᠷᠢᠶᠠᠴᠢᠨ ᠤ ᠴᠠᠬᠢᠯᠭᠠᠨ ᠬᠡᠷᠡᠭᠯᠡᠬᠦ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/2/7
      ᠪᠤᠶᠢᠳᠠ ᠪᠥᠭᠯᠡᠭᠦᠤ ᠭᠠᠵᠠᠷ ᠤᠨ ᠮᠠᠯᠴᠢᠨ ᠲᠠᠷᠢᠶᠠᠴᠢᠨ ᠤ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠥᠯᠥᠨ ᠪᠤᠶᠢᠷ ᠬᠤᠲᠠ ᠬᠤᠶᠠᠳᠤᠭᠠᠷ ᠪᠦᠯᠦᠭ ᠤᠨ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠬᠦᠴᠦᠨ ᠤ ᠲᠦᠭᠦᠷᠵᠢᠭᠦᠯᠬᠦ ᠲᠤᠤᠷ ᠤᠨ ᠢᠨᠵᠧᠨᠧᠷᠢᠩ ᠢ ᠬᠡᠷᠡᠭᠵᠢᠭᠦᠯᠪᠡ᠂ ᠡᠷᠭᠦᠨ᠎ᠡ ᠬᠤᠲᠠ᠂ ᠬᠠᠭᠤᠴᠢᠨ ᠪᠠᠷᠭᠤ ᠬᠤᠰᠢᠭᠤ ᠵᠡᠷᠭᠡ 7 ᠬᠤᠰᠢᠭᠤ ᠬᠤᠲᠠ ᠶᠢᠨ ᠲᠣᠭᠤᠷᠢᠭ ᠲᠤ ᠨᠡᠶᠢᠲᠡ 26 ᠲᠠᠩ ᠴᠣᠭᠴᠠᠲᠤ ᠢᠨᠵᠧᠨᠧᠷᠢᠩ ᠢ ᠪᠥᠲᠥᠭᠡᠨ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 8815 ᠲᠦᠮᠡᠨ ᠲᠥᠭᠦᠷᠢᠭ ︵11 ᠰᠠᠭᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠶᠡᠷᠦᠩᠬᠡᠢ ᠪᠠᠭᠲᠠᠭᠠᠮᠵᠢ ᠨᠢ 2200 ᠺᠢᠯᠤᠸᠤᠯᠲ ᠠᠮᠫᠧᠷ᠂ 10 ᠺᠢᠯᠤᠸᠤᠯᠲ ᠤᠨ ᠴᠠᠬᠢᠯᠭᠠᠨ ᠬᠦᠷᠭᠡᠬᠦ ᠱᠤᠭᠤᠮ ᠢ 314 ᠺᠢᠯᠤᠮᠧᠳ᠋ᠷ᠂ 0.4 ᠺᠢᠯᠤᠸᠤᠯᠲ ᠤᠨ ᠴᠠᠬᠢᠯᠭᠠᠨ ᠬᠦᠷᠭᠡᠬᠦ ᠱᠤᠭᠤᠮ ᠢ 19.1 ᠺᠢᠯᠤᠮᠧᠳ᠋ᠷ ᠪᠦᠲᠦᠭᠡᠨ ᠪᠠᠶᠢᠭᠤᠯᠵᠤ᠂ ᠡᠷᠦᠬᠡ ᠶᠢᠨ ᠴᠠᠬᠢᠯᠭᠠᠨ ᠬᠡᠷᠡᠭᠯᠡᠬᠦ ᠳᠣᠭᠠᠯᠠᠭᠤᠷ ᠢ 636 ᠰᠢᠯᠵᠢᠭᠦᠯᠦᠨ ᠨᠡᠭᠦᠯᠭᠡᠪᠡ︶᠂ ᠣᠳᠣᠬᠠᠨ ᠳᠤ ᠨᠢᠭᠡᠨᠲᠡ 17 ᠵᠦᠢᠯ ᠤᠨ ᠠᠵᠢᠯ ᠢ ᠳᠠᠭᠤᠰᠬᠠᠵᠤ᠂ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠦᠬᠦᠨ ᠢ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠪᠤᠶᠢᠳᠠ ᠪᠥᠭᠯᠡᠭᠦᠤ ᠭᠠᠵᠠᠷ ᠤᠨ 130 ᠭᠠᠷᠤᠢ ᠡᠷᠦᠬᠡ ᠮᠠᠯᠴᠢᠨ ᠲᠠᠷᠢᠶᠠᠴᠢᠳ ᠤᠨ ᠴᠠᠬᠢᠯᠭᠠᠨ ᠬᠡᠷᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠲᠦᠯᠦᠪᠯᠡᠵᠦ ᠪᠤᠢ ᠃ ︵ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ