ᠰᠢ ᠶᠢᠨ ᠫᠢᠩ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ — ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/3/10
    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠠ ᠬᠤᠷᠠᠯ ᠳᠤ ᠣᠷᠤᠯᠴᠠᠬᠤ ᠳᠠᠭᠠᠨ᠂ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠨᠢ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠢᠲᠡᠭᠡᠯ ᠵᠣᠷᠢᠭ ᠢᠶᠠᠨ ᠪᠠᠲᠤᠳᠬᠠᠵᠤ᠂ ᠥᠷᠢᠰᠦᠯᠳᠦᠭᠡᠨ ᠳᠤ ᠰᠢᠭᠤᠳ ᠬᠠᠨᠳᠤᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠨᠲᠡ ᠲᠣᠭᠲᠠᠭᠰᠠᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃  
20250310-1-1.jpg
    3 ᠰᠠᠷ᠎ᠠ ᠶᠢᠨ 7 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠠ ᠬᠤᠷᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ    ᠬᠤᠷᠠᠯ ᠳᠡᠭᠡᠷ᠎ᠡ ᠵᠧᠦ ᠭᠠᠩ᠂ ᠯᠢ ᠳ᠋ᠦᠩ᠂ ᠹᠧᠩ ᠶᠠᠨ᠂ ᠵᠧᠩ ᠶᠤᠸᠠᠨ ᠯᠢᠨ᠂ ᠼᠦᠢ ᠳ᠋ᠣᠣ ᠬᠤ᠋᠂ ᠯᠢᠦ ᠱᠤ᠋ ᠸᠧᠢ ᠵᠡᠷᠭᠡ 6 ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠵᠡᠪᠰᠡᠭ ᠲᠣᠨᠣᠭᠯᠠᠯ ᠤᠨ ᠲᠤᠷᠰᠢᠯᠲᠠ ᠶᠢᠨ ᠬᠢᠨᠠᠨ ᠲᠣᠭᠲᠠᠭᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ᠂ ᠴᠡᠷᠢᠭ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠪᠠᠲᠤᠯᠠᠭ᠎ᠠ ᠶᠢ ᠴᠢᠩᠭᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠢᠭᠰᠠᠭᠠᠯ ᠤᠨ ᠭᠠᠵᠠᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠡᠬᠢ ᠪᠠᠶᠠᠯᠢᠭ ᠢ ᠰᠠᠶᠢᠲᠤᠷ ᠬᠡᠷᠡᠭᠯᠡᠬᠦ ᠵᠡᠷᠭᠡ ᠲᠠᠯ᠎ᠠ ᠪᠠᠷ ᠲᠤᠰ ᠲᠤᠰ ᠰᠠᠨᠠᠯ ᠰᠠᠨᠠᠭᠤᠯᠭ᠎ᠠ ᠳᠤᠷᠠᠳᠪᠠ᠃    ᠲᠥᠯᠥᠭᠡᠯᠡᠭᠴᠢᠳ ᠤᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ 4 ᠵᠢᠯ ᠭᠠᠷᠤᠢ ᠶᠢᠨ ᠲᠤᠷᠰᠢ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠣᠭᠰᠠᠨ ᠤ ᠬᠠᠮᠲᠤ ᠪᠠᠰᠠ ᠪᠠᠭ᠎ᠠ ᠪᠤᠰᠤ ᠵᠥᠷᠢᠴᠡᠯ ᠪᠠ ᠠᠰᠠᠭᠤᠳᠠᠯ ᠳᠤ ᠲᠤᠯᠭᠠᠷᠠᠵᠤ ᠪᠠᠶᠢᠨ᠎ᠠ᠃ ᠠᠬᠢᠴᠠ ᠪᠠ ᠶᠠᠰᠤ ᠴᠢᠨᠠᠷ᠂ ᠥᠪᠡᠷ ᠤᠨ ᠦᠷᠳᠡᠭ ᠪᠠ ᠦᠷ᠎ᠡ ᠠᠰᠢᠭ᠂ ᠪᠦᠭᠦ ᠲᠠᠯ᠎ᠠ ᠪᠠ ᠭᠤᠣᠯᠳᠠᠯᠭ᠎ᠠ᠂ ᠬᠥᠭᠵᠢᠯᠲᠡ ᠪᠠ ᠬᠢᠨᠠᠯᠲᠠ ᠬᠠᠮᠢᠶᠠᠷᠤᠯᠲᠠ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠪᠠ ᠴᠢᠳᠠᠪᠤᠷᠢ ᠶᠢᠨ ᠪᠦᠷᠢᠯᠳᠦᠯ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ᠂ ᠥᠪᠡᠷ ᠤᠨ ᠦᠷᠳᠡᠭ ᠳᠣᠣᠷ᠎ᠠ᠂ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠵᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠲᠡᠦᠬᠡ ᠶᠢᠨ ᠪᠠ ᠪᠣᠳᠠᠲᠤ ᠲᠠᠶᠢᠨ ᠤ ᠰᠢᠯᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠲᠦᠭᠵᠢᠷᠡᠯ ᠴᠡᠭ ᠬᠠᠷᠰᠢ ᠰᠠᠭᠠᠳ ᠪᠣᠯᠵᠤ ᠪᠠᠶᠢᠭ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠵᠦ᠂ ᠰᠠᠯᠠᠭ᠎ᠠ ᠮᠥᠴᠢᠷ ᠠᠯᠤᠰᠯᠠᠨ ᠬᠦᠷᠢᠶ᠎ᠡ ᠴᠠᠷᠠᠭ᠎ᠠ ᠠᠯᠤᠰᠯᠠᠨ ᠴᠡᠷᠢᠭ ᠠᠩᠭᠢ ᠣᠷᠣᠨ ᠨᠤᠲᠤᠭ ᠠᠯᠤᠰᠯᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠯᠡᠯᠲᠡ ᠪᠠ ᠬᠠᠩᠭᠠᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠠᠵᠢᠯ ᠤᠨ ᠴᠢᠭᠯᠡᠯ ᠤᠨ ᠨᠢᠭᠡᠳᠦᠯᠲᠦ ᠴᠢᠨᠠᠷ ᠢ ᠴᠢᠩᠭᠠᠳᠬᠠᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠬᠡᠯᠬᠢᠶ᠎ᠡ ᠵᠠᠮ ᠱᠤᠭᠤᠮ ᠢ ᠪᠦᠭᠦ ᠬᠦᠴᠦᠨ ᠢᠶᠠᠷ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠤᠳᠤ ᠦᠶ᠎ᠡ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠠᠷᠭ᠎ᠠ ᠪᠠᠷᠢᠯ ᠢ ᠴᠢᠳᠠᠮᠠᠭᠠᠢ ᠬᠡᠷᠡᠭᠯᠡᠵᠦ᠂ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ᠃ ᠠᠵᠢᠯᠴᠢ ᠠᠷᠪᠢᠴᠢ ᠪᠠᠷ ᠴᠡᠷᠢᠭ ᠢ ᠪᠠᠶᠢᠭᠤᠯᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ ᠣᠷᠣᠭᠤᠯᠤᠯᠲᠠ ᠶᠢᠨ ᠬᠠᠨᠳᠤᠰᠢ ᠪᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠵᠠᠷᠤᠳᠠᠯ ᠤᠨ ᠬᠡᠷᠡᠭᠯᠡᠯᠲᠡ ᠶᠢᠨ ᠣᠨᠣᠪᠴᠢ ᠶᠢᠨ ᠬᠡᠮᠵᠢᠶ᠎ᠡ ᠪᠠ ᠦᠷ᠎ᠡ ᠠᠰᠢᠭ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠮᠠᠨ ᠤ ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠰᠢᠰᠲ᠋ᠧᠮ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯ ᠬᠦᠴᠦᠨ ᠢ ᠴᠢᠩᠭᠠᠳᠬᠠᠵᠤ᠂ ᠣᠷᠣᠨ ᠨᠤᠲᠤᠭ ᠤᠨ ᠳᠠᠪᠠᠭᠤᠯᠢᠭ ᠬᠦᠴᠦᠨ ᠪᠠ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠮᠠᠨ ᠤ ᠴᠡᠷᠢᠭ ᠤᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ᠮᠠᠨ ᠤ ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠥᠷᠨᠢᠩᠭᠦᠢ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠲᠠᠶᠢᠴᠢᠨ ᠬᠦᠴᠦᠨ ᠤ ᠪᠠᠶᠢᠭᠤᠯᠤᠯᠲᠠ ᠪᠠ ᠬᠡᠷᠡᠭᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠲᠡᠷᠢᠭᠦᠨ ᠤ ᠮᠡᠷᠭᠡᠵᠢᠯ ᠢ ᠪᠤᠰᠢᠭᠤ ᠱᠠᠯᠠᠮᠠᠭᠠᠢ ᠪᠠᠷ ᠴᠤᠤᠷᠢᠶᠠᠲᠤᠨ ᠲᠠᠭᠠᠬᠤ ᠪᠠ ᠲᠦᠷᠭᠡᠨ ᠣᠨᠳᠣᠣᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠲᠥᠯᠦᠪᠵᠢᠭᠦᠯᠭᠡ ᠶᠢ ᠬᠡᠷᠡᠭᠵᠢᠭᠦᠯᠬᠦ ᠪᠦᠭᠦ ᠶᠠᠪᠤᠴᠠ ᠳᠤ ᠲᠤᠰᠬᠠᠶᠢᠵᠢᠭᠰᠠᠨ ᠦᠨᠡᠯᠡᠯᠲᠡ ᠬᠢᠬᠦ ᠶᠢ ᠥᠷᠨᠢᠭᠦᠯᠵᠦ᠂ ᠬᠥᠭᠵᠢᠯᠲᠡ ᠶᠢᠨ ᠶᠠᠰᠤ ᠴᠢᠨᠠᠷ ᠢ ᠦᠨᠡᠯᠡᠵᠦ ᠭᠠᠷᠭᠠᠬᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠠᠰᠢᠭ ᠢ ᠦᠨᠡᠯᠡᠵᠦ ᠭᠠᠷᠭᠠᠬᠤ᠂ ᠰᠢᠰᠲ᠋ᠧᠮᠵᠢᠭᠰᠡᠨ ᠪᠠᠶᠢᠯᠳᠤᠬᠤ ᠴᠢᠳᠠᠪᠤᠷᠢ ᠶᠢ ᠦᠨᠡᠯᠡᠵᠦ ᠭᠠᠷᠭᠠᠬᠤ ᠬᠡᠷᠡᠭᠲᠡᠢ᠃    ᠬᠢᠨᠠᠯᠲᠠ ᠬᠠᠮᠢᠶᠠᠷᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠪᠦᠷᠢᠨ ᠲᠡᠭᠦᠯᠳᠡᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠭᠤᠰᠤᠯᠴᠠᠭᠤᠯᠤᠨ ᠬᠢᠨᠠᠯᠲᠠ ᠲᠠᠯᠪᠢᠬᠤ᠂ ᠬᠤᠯᠪᠤᠭᠠᠯᠠᠨ ᠬᠢᠨᠠᠨ ᠪᠤᠳᠤᠬᠤ ᠶᠢ ᠴᠢᠩᠭᠠᠳᠬᠠᠵᠤ᠂ ᠢᠯᠵᠢᠷᠡᠯ ᠤᠨ ᠠᠰᠠᠭᠤᠳᠠᠯ ᠢ ᠭᠦᠨᠵᠡᠭᠡᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠦᠵᠡᠭᠦᠯᠭᠦ ᠦᠢᠯᠡᠴᠢᠯᠡᠬᠦ ᠪᠠ ᠠᠬᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠤᠨ ᠶᠠᠰᠤ ᠴᠢᠨᠠᠷ ᠢᠶᠠᠷ ᠦᠨᠳᠦᠰᠦᠨ ᠵᠦᠢᠯ ᠢ ᠪᠠᠲᠤᠯᠠᠬᠤ᠂ ᠴᠢᠳᠠᠪᠤᠷᠢ ᠪᠠᠷ ᠦᠨᠳᠦᠰᠦᠨ ᠵᠦᠢᠯ ᠢ ᠪᠠᠲᠤᠯᠠᠬᠤ᠂ ᠠᠷᠢᠭᠤᠨ ᠴᠢᠬᠡᠴᠢ ᠪᠠᠷ ᠦᠨᠳᠦᠰᠦᠨ ᠵᠦᠢᠯ ᠢ ᠪᠠᠲᠤᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠢ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠬᠤᠷᠠᠯ ᠳᠤ ᠣᠷᠣᠯᠴᠠᠵᠠᠢ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ