2 ᠰᠠᠷ᠎ᠠ ᠶᠢᠨ 20 ᠤ ᠡᠳᠦᠷ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ | ᠴᠤᠭᠯᠠᠷᠠᠯ ᠤᠨ ᠠᠭᠤᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠲᠤᠷᠰᠢᠨ ᠠᠵᠢᠯᠯᠠᠭᠤᠯᠬᠤ ᠪᠣᠯᠪᠠᠰᠤᠷᠠᠭᠤᠯᠤᠯ ᠤᠨ ᠬᠤᠷᠠᠯ ᠮᠠᠨ ᠤ ᠬᠤᠲᠠ ᠳᠤ ᠬᠤᠷᠠᠯᠳᠤᠵᠤ᠂ | ᠬᠤᠲᠠ ᠶᠢᠨ ᠲᠣᠰ ᠱᠠᠲᠤ ᠵᠢᠴᠢ 14 ᠬᠤᠰᠢᠭᠤ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠠᠵᠢᠯᠲᠠᠳ ᠪᠣᠯᠪᠠᠰᠤᠷᠠᠭᠤᠯᠤᠯ ᠳᠤ | ᠣᠷᠣᠯᠴᠠᠪᠠ᠃ | | | | | | | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ | ᠴᠤᠭᠯᠠᠷᠠᠯ ᠤᠨ ᠶᠡᠷᠦᠩᠬᠡᠢ ᠵᠥᠪᠯᠡᠭᠴᠢ ᠰᠡᠴᠡᠨᠲᠤᠯᠭᠠᠭᠤᠷᠢ ᠠᠴᠠ ᠰᠢᠨ᠎ᠡ ᠪᠠᠷᠢᠮᠵᠢᠶ᠎ᠠ᠂ ᠰᠢᠨ᠎ᠡ ᠰᠢᠰᠲ᠋ᠧᠮ᠂ ᠰᠢᠨ᠎ᠡ ᠠᠵᠢᠯᠯᠠᠭᠠᠨ ᠤ ᠴᠤᠪᠤᠷᠠᠯ ᠵᠡᠷᠭᠡ ᠲᠠᠯ᠎ᠠ ᠪᠠᠷ ᠨᠠᠷᠢᠨ | ᠲᠠᠶᠢᠯᠤᠮᠵᠢ ᠬᠢᠭᠰᠡᠨ ᠪᠥᠭᠡᠳ ᠪᠣᠳᠠᠲᠠᠢ ᠠᠵᠢᠯᠯᠠᠭᠠᠨ ᠤ ᠦᠵᠡᠭᠦᠯᠦᠯᠭᠡ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠳ ᠲᠤ ᠰᠢᠰᠲ᠋ᠧᠮ ᠤᠨ ᠬᠡᠷᠡᠭᠯᠡᠬᠦ ᠠᠷᠭ᠎ᠠ ᠶᠢ | ᠨᠠᠩ ᠰᠢᠭᠤᠳ ᠣᠶᠢᠯᠠᠭᠠᠭᠤᠯᠬᠤ ᠶᠢᠨ ᠬᠠᠮᠲᠤ ᠲᠠᠪᠴᠠᠩ ᠢ ᠬᠡᠷᠡᠭᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠢ ᠶᠢᠨ ᠲᠠᠯᠠᠪᠤᠷ ᠲᠤᠨᠢ | ᠬᠠᠷᠢᠭᠤᠯᠲᠠ ᠥᠭᠪᠡ᠃ | | | | | | | ᠲᠣᠰ ᠤᠳᠠᠭᠠᠨ ᠤ ᠪᠣᠯᠪᠠᠰᠤᠷᠠᠭᠤᠯᠤᠯ ᠨᠢ ᠮᠣᠩᠭᠤᠯ ᠰᠦᠯᠵᠢᠶᠡᠨ ᠤ ᠠᠵᠢᠯᠲᠠᠳ ᠲᠤ ᠰᠢᠨ᠎ᠡ ᠤᠯᠤᠰ ᠤᠨ ᠪᠠᠷᠢᠮᠵᠢᠶᠠᠲᠤ ᠲᠥᠬᠦᠭᠡᠷᠦᠮᠵᠢ ᠵᠢᠴᠢ | ᠠᠵᠢᠯᠯᠠᠭᠤᠯᠬᠤ ᠰᠢᠰᠲ᠋ᠧᠮ ᠤᠨ ᠠᠷᠭ᠎ᠠ ᠶᠢ ᠰᠤᠷᠤᠯᠴᠠᠨ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ ᠪᠠᠰᠠ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠮᠣᠩᠭᠤᠯ | ᠰᠦᠯᠵᠢᠶᠡᠨ ᠴᠤᠭᠯᠠᠷᠠᠯ ᠤᠨ ᠪᠠᠶᠢᠭᠤᠯᠤᠯᠲᠠ ᠪᠠ ᠳᠡᠯᠭᠡᠷᠡᠭᠦᠯᠦᠯᠲᠡ ᠶᠢ ᠪᠦᠲᠦᠮᠵᠢᠲᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠴᠢᠨᠠᠷ | ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃ | | | | | | | | | ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠠᠵᠠ ᠲᠣᠬᠢᠶᠠᠯ ᠪᠣᠯᠭᠠᠨ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷ ᠬᠥᠲᠥᠯᠥᠨ ᠳᠠᠭᠠᠭᠤᠯᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ | ᠮᠣᠩᠭᠤᠯ ᠰᠦᠯᠵᠢᠶᠡᠨ ᠤ ᠠᠭᠤᠯᠭ᠎ᠠ ᠪᠠ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢᠨ ᠲᠦᠪᠰᠢᠨ ᠢ | ᠠᠯᠬᠤᠮ ᠴᠢᠨᠠᠭᠰᠢᠳᠠ ᠳᠡᠭᠡᠭᠰᠢᠯᠡᠭᠦᠯᠦᠨ᠂ ᠰᠦᠯᠵᠢᠶᠡᠨ ᠤ ᠠᠮᠤᠷ ᠲᠦᠪᠰᠢᠨ ᠨᠠᠶᠢᠳᠠᠪᠤᠷᠢᠲᠠᠢ ᠶᠠᠪᠤᠭᠳᠠᠯ ᠢ ᠦᠨᠡᠨ ᠬᠦ ᠪᠠᠲᠤᠯᠠᠵᠤ᠂ ᠥᠷᠭᠡᠨ ᠣᠯᠠᠨ ᠲᠦᠮᠡᠨ ᠳᠤ | ᠨᠠᠩ ᠴᠢᠨᠠᠷ ᠰᠠᠶᠢᠲᠠᠢ᠂ ᠨᠠᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ | | | | | | | | | | | | | | | | | | | | | | | | | | | | | | |