ᠵᠢᠯ ᠤᠨ ᠠᠵᠢᠯ ᠬᠠᠪᠤᠷ ᠳᠠᠭᠠᠨ ᠭᠡᠳᠡᠭ ᠢᠶᠠᠷ᠂ ᠲᠦᠮᠡᠨ ᠶᠠᠪᠤᠳᠠᠯ ᠡᠬᠢᠯᠡᠬᠦ ᠶᠤᠮ ᠪᠠᠶᠢᠨ᠎ᠠ᠃ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ ᠬᠢᠭᠡᠳ ᠬᠤᠸᠠ ᠨᠧᠩ ᠢᠮᠢᠨ ᠨᠡᠭᠦᠷᠡᠰᠦ ᠴᠠᠬᠢᠯᠭᠠᠨ ᠤ ᠺᠣᠮᠫᠠᠨᠢ᠂ ᠬᠤᠩᠭᠤᠯᠵᠢ ᠣᠶ ᠰᠢᠭᠤᠢ ᠶᠢᠨ ᠲᠣᠪᠴᠢᠶ᠎ᠠ ᠲᠠᠢ ᠬᠠᠮᠲᠤ ᠪᠠᠷ ᠠᠷᠭ᠎ᠠ ᠰᠦᠪᠡᠭᠴᠢᠯᠡᠵᠦ | ᠂ ᠬᠤᠸᠠ ᠨᠧᠩ ᠢᠮᠢᠨ ᠴᠠᠬᠢᠯᠭᠠᠨ ᠦᠢᠯᠡᠳᠪᠦᠷᠢ ᠶᠢᠨ ᠥᠩᠭᠡ ᠦᠵᠡᠮᠵᠢ ᠭᠠᠯ ᠤᠨ ᠨᠥᠭᠡᠴᠡ ᠶᠢᠨ ᠣᠯᠠᠨ ᠡᠨᠧᠷᠭᠢ ᠶᠢ ᠬᠠᠷᠢᠯᠴᠠᠨ ᠨᠥᠬᠦᠪᠦᠷᠢᠯᠡᠵᠦ ᠨᠢᠭᠡ | ᠴᠣᠭᠴᠠᠵᠢᠭᠤᠯᠬᠤ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠᠷ ᠲᠥᠯᠥᠪᠯᠡᠵᠦ ᠪᠣᠶ᠃ 3 ᠰᠠᠷ᠎ᠠ ᠶᠢᠨ 6 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤ᠂ ᠬᠤᠸᠠ ᠨᠧᠩ ᠢᠮᠢᠨ ᠨᠡᠭᠦᠷᠡᠰᠦ ᠴᠠᠬᠢᠯᠭᠠᠨ ᠤ ᠺᠣᠮᠫᠠᠨᠢ᠂ ᠬᠤᠩᠭᠤᠯᠵᠢ ᠣᠶ ᠰᠢᠭᠤᠢ ᠶᠢᠨ ᠲᠣᠪᠴᠢᠶ᠎ᠠ ᠬᠠᠮᠲᠤᠷᠠᠯᠴᠠᠭᠠᠨ ᠤ ᠪᠣᠷᠣ | ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠤᠰᠢᠭᠤᠨ ᠤ ᠤᠳᠤᠷᠢᠳᠤᠯᠭ᠎ᠠ ᠸᠠᠩ ᠵᠢᠶᠦ᠋ᠨ᠂ ᠯᠦ ᠴᠤᠸᠠᠨ ᠱᠧᠨ᠂ | ᠤᠤ ᠯᠢ ᠬᠤᠷᠠᠯ ᠳᠤ ᠣᠷᠣᠯᠴᠠᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠳ ᠠᠵᠢᠯᠯᠠᠭ᠎ᠠ ᠳᠤ | ᠣᠷᠣᠯᠴᠠᠵᠠᠢ᠃ | | | | ᠶᠣᠰᠣᠯᠠᠯ ᠳᠡᠭᠡᠷ᠎ᠡ᠂ ᠤᠤ ᠯᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠬᠤᠸᠠ | ᠨᠧᠩ ᠢᠮᠢᠨ ᠨᠡᠭᠦᠷᠡᠰᠦ ᠴᠠᠬᠢᠯᠭᠠᠨ ᠤ ᠺᠣᠮᠫᠠᠨᠢ᠂ ᠬᠤᠩᠭᠤᠯᠵᠢ ᠤᠢ ᠰᠢᠭᠤᠢ ᠶᠢᠨ ᠲᠣᠪᠴᠢᠶ᠎ᠠ ᠲᠠᠢ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ | ᠦᠰᠦᠭ ᠵᠢᠷᠤᠪᠠ᠃ | ᠸᠠᠩ ᠵᠢᠶᠦ᠋ᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠠᠮᠲᠤᠷᠠᠯᠴᠠᠭᠠᠨ ᠤ ᠪᠣᠷᠣ ᠲᠥᠰᠥᠪ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠶᠠᠪᠤᠳᠠᠯ | ᠪᠣᠯ ᠭᠤᠷᠪᠠᠨ ᠲᠠᠯ᠎ᠠ ᠶᠢᠨ ᠬᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠭᠰᠡᠨ ᠤ ᠢᠯᠡᠷᠡᠯ ᠪᠠ ᠦᠷ᠎ᠡ ᠪᠦᠲᠦᠭᠡᠯ ᠮᠥᠨ | ᠂ ᠡᠨᠡ ᠨᠢ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠡᠢ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠬᠡᠯᠡᠯᠴᠡᠭᠡᠷ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠵᠣᠷᠢᠭ ᠰᠢᠭᠤᠳᠤᠨ ᠨᠠᠩ ᠪᠣᠳᠠᠲᠠᠢ ᠠᠷᠭ᠎ᠠ ᠬᠡᠮᠵᠢᠶ᠎ᠡ ᠪᠠ ᠬᠠᠯᠠᠭᠤᠨᠦᠢᠯᠡᠴᠢᠯᠡᠭᠡ ᠪᠠᠷ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ | ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠤᠨ᠎ᠠ᠃ | ᠣᠶᠢᠯᠠᠭᠠᠭᠰᠠᠨ ᠢᠶᠠᠷ᠂ ᠬᠤᠸᠠ ᠨᠧᠩ ᠢᠮᠢᠨ ᠴᠠᠬᠢᠯᠭᠠᠨ ᠦᠢᠯᠡᠳᠪᠦᠷᠢ ᠶᠢᠨ ᠰᠠᠯᠬᠢ ᠨᠠᠷᠠ ᠢᠯᠴᠢ ᠶᠢᠨ ᠡᠨᠧᠷᠭᠢ ᠶᠢᠨ ᠨᠦᠭᠡᠴᠡᠯᠡᠬᠦ ᠣᠯᠠᠨ ᠡᠨᠧᠷᠭᠢ | ᠬᠠᠷᠢᠯᠴᠠᠨ ᠨᠦᠬᠦᠪᠦᠷᠢᠯᠡᠨ ᠨᠢᠭᠡ ᠴᠣᠭᠴᠠᠵᠢᠭᠤᠯᠬᠤ ᠲᠥᠷᠥᠯ ᠵᠦᠢᠯ ᠤᠨ ᠲᠥᠯᠥᠪᠯᠡᠭᠡ ᠶᠢ ᠬᠤᠩᠭᠤᠯᠵᠢ ᠣᠶ ᠰᠢᠭᠤᠢ ᠶᠢᠨ ᠲᠣᠪᠴᠢᠶ᠎ᠠ ᠶᠢᠨ ᠱᠢ ᠶᠧ | ᠲᠣᠭᠤᠷᠢᠭ ᠲᠤ ᠪᠠᠶᠢᠷᠢᠯᠠᠭᠤᠯᠬᠤ ᠪᠠᠷ ᠪᠤᠯᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 270 ᠲᠦᠮᠡᠨ ᠺᠢᠯᠣᠸᠠᠲ᠂ ᠨᠡᠶᠢᠲᠡ 135 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠨᠢᠭᠡᠳᠦᠭᠡᠷ ᠬᠤᠭᠤᠴᠠᠭᠠᠨ ᠳᠤ 100 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠢ | ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ 35 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 2025 ᠣᠨ ᠳᠤ ᠪᠠᠷᠢᠯᠭ᠎ᠠ | ᠡᠬᠢᠯᠡᠭᠦᠯᠬᠦ ᠪᠠᠷ ᠲᠥᠯᠥᠪᠯᠡᠵᠦ ᠪᠠᠶᠢᠨ᠎ᠠ︔ ᠬᠤᠶᠠᠳᠤᠭᠠᠷ ᠬᠤᠭᠤᠴᠠᠭᠠᠨ ᠳᠤ 170 ᠲᠦᠮᠡᠨ ᠺᠢᠯᠣᠸᠠᠲ ᠤᠨ ᠥᠩᠭᠡ ᠦᠵᠡᠮᠵᠢ ᠶᠢ ᠨᠢᠭᠡ ᠴᠣᠭᠴᠠᠵᠢᠭᠤᠯᠬᠤ | ᠲᠥᠷᠥᠯ ᠵᠦᠢᠯ ᠢ ᠪᠠᠶᠢᠭᠤᠯᠵᠤ᠂ 100 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ ᠢ ᠪᠦᠬᠦᠨ ᠢ | ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠪᠦᠷᠢ ᠪᠠᠷᠤᠭ 70 ᠳ᠋ᠦᠩᠰᠢᠭᠤᠷ ᠺᠢᠯᠣᠸᠠᠲ ᠴᠠᠭ ᠪᠣᠬᠢᠷᠳᠣᠯ ᠦᠭᠡᠢ ᠴᠠᠬᠢᠯᠭᠠᠨ ᠢ ᠬᠠᠩᠭᠠᠵᠤ᠂ ᠪᠠᠷᠢᠮᠵᠢᠶᠠᠲᠤ | ᠨᠡᠭᠦᠷᠡᠰᠦ ᠶᠢ ᠵᠢᠯ ᠳᠤ ᠪᠠᠷᠤᠭ 230 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠵᠢᠯ ᠳᠤ 700 | ᠲᠦᠮᠡᠨ ᠲᠣᠨ ᠪᠠᠭᠠᠰᠬᠠᠨ᠎ᠠ᠃ ᠲᠥᠷᠥᠯ ᠵᠦᠢᠯ ᠤᠨ ᠬᠡᠰᠡᠭ ᠠᠰᠢᠭ ᠣᠷᠣᠯᠭ᠎ᠠ ᠶᠢ ᠬᠠᠶᠢᠯᠠᠷ ᠠᠴᠠ ᠢᠮᠢᠨ ᠬᠦᠷᠬᠦ ᠵᠠᠮ ᠳᠠᠭᠠᠤ ᠶᠢᠨ ᠠᠮᠢ ᠠᠬᠤᠢ ᠶᠢ ᠰᠡᠷᠭᠦᠭᠡᠨ | ᠵᠠᠰᠠᠬᠤ ᠳᠤ ᠬᠡᠷᠡᠭᠯᠡᠨ᠎ᠡ᠃ | | | |