2 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ | ᠶᠦᠩ ᠴᠢᠶᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ | ᠵᠡᠭᠦᠨ ᠬᠤᠰᠢᠭᠤ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ | ᠵᠢᠢ ᠶᠦᠩ ᠴᠢᠶᠠᠨ ᠤᠷᠢᠳ ᠬᠤᠵᠢᠳ ᠥᠪᠥᠷ ᠮᠣᠩᠭᠤᠯ ᠤᠨ ᠶᠧ ᠲᠢᠶᠠᠨ ᠲᠢᠶᠧ ᠨᠢᠦ ᠲᠠᠷᠢᠶᠠᠯᠠᠩ ᠤᠨ ᠲᠣᠨᠣᠭᠯᠠᠯ ᠤᠨ ᠬᠢᠵᠠᠭᠠᠷᠲᠤ ᠺᠣᠮᠫᠠᠨᠢ᠂ ᠬᠥᠯᠥᠨ | ᠪᠤᠶᠢᠷ ᠬᠤᠳᠠ ᠶᠢᠨ ᠳ᠋ᠠ ᠫᠧᠩ ᠮᠠᠰᠢᠨ ᠲᠡᠷᠭᠡᠨ ᠤ ᠬᠤᠳᠠ᠂ ᠤᠯᠤᠰ ᠤᠨ ᠡᠨᠧᠷᠭᠢ ᠶᠢᠨ ᠥᠪᠥᠷ ᠮᠣᠩᠭᠤᠯ ᠤᠨ ᠬᠥᠯᠥᠨ ᠪᠤᠶᠢᠷ ᠤᠨ ᠴᠠᠬᠢᠯᠭᠠᠨ ᠭᠠᠷᠭᠠᠬᠤ | ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ᠶᠢᠨ ᠪᠣᠷᠣᠰᠢᠯᠢ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ᠂ ᠥᠪᠥᠷ | ᠮᠣᠩᠭᠤᠯ ᠤᠨ ᠶᠢᠨ ᠱᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠭᠦᠸᠧ ᠬᠤᠸᠠ ᠱᠧᠩ ᠺᠧ ︵ᠰᠢᠨ᠎ᠡ ᠪᠠᠷᠭᠤ ᠵᠡᠭᠦᠨ ᠬᠤᠰᠢᠭᠤ︶ ᠰᠠᠯᠬᠢᠨ | ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠠᠵᠢᠯᠯᠠᠭ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ | ᠲᠥᠯᠦᠪᠵᠢᠭᠦᠯᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ | ᠪᠠᠲᠤ ᠡᠵᠡᠮᠳᠡᠵᠦ᠂ ᠲᠦᠷᠦᠯ ᠵᠦᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ | ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ︽ᠨᠢᠭᠡ ᠠᠵᠤ | ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠰᠢᠭᠤᠳ ᠬᠦᠷᠬᠦ᠂ ᠠᠰᠠᠭᠤᠳᠠᠯ ᠢ ᠰᠢᠭᠤᠳ ᠭᠦᠢᠴᠡᠳᠬᠡᠬᠦ ᠶᠢ | ᠦᠨᠡᠨ ᠬᠦ ᠪᠠᠲᠤᠯᠠᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠠᠨᠲᠤᠬᠤᠢ ᠪᠠᠯᠭᠠᠰᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠵᠠᠭᠠᠷᠲᠤ | ᠺᠣᠮᠫᠠᠨᠢ᠂ ᠠᠷᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ᠂ ᠪᠣᠭᠳᠠᠠ᠋ᠭᠤᠯᠠ ᠰᠤᠮᠤ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ ᠲᠥᠪᠯᠡᠷᠡᠭᠦᠯᠦᠨ | ᠲᠡᠵᠢᠭᠡᠬᠦ ᠴᠡᠭ᠂ ᠥᠪᠥᠷ ᠮᠣᠩᠭᠤᠯ ᠤᠨ ᠪᠠᠭᠠᠷᠢᠨ ᠵᠡᠭᠦᠨ ᠬᠤᠰᠢᠭᠤᠨ ᠤ ᠮᠠᠯᠵᠢᠯ ᠤᠨ ᠲᠠᠯᠠᠪᠠᠢ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠳᠤ᠂ ᠵᠢᠢ ᠶᠦᠩ ᠴᠢᠶᠠᠨ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠢ ᠠᠬᠤᠢ ᠶᠢᠨ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠬᠦ᠂ ︽ᠭᠤᠷᠪᠠ ᠶᠢ ᠨᠢᠭᠡ ᠴᠣᠭᠴᠠᠵᠢᠭᠤᠯᠬᠤ︾ ᠥᠭᠡᠷᠡᠴᠢᠯᠡᠯᠲᠡ ᠶᠢ | ᠠᠬᠢᠭᠤᠯᠬᠤ ᠵᠡᠷᠭᠡ ᠲᠠᠯ᠎ᠠ ᠪᠠᠷ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ | ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠮᠠᠯᠴᠢᠨ ᠲᠠᠷᠢᠶᠠᠴᠢᠨ᠂ ᠬᠤᠷᠰᠢᠭᠰᠠᠨ ᠵᠣᠬᠢᠶᠠᠨ | ᠪᠠᠶᠢᠭᠤᠯᠤᠯᠲᠠ᠂ ᠠᠵᠤ ᠠᠬᠤᠶᠢᠯᠠᠯ ᠤᠳ ᠥᠭᠡᠷᠡᠴᠢᠯᠡᠯᠲᠡ ᠶᠢ ᠳᠡᠮᠵᠢᠵᠦ᠂ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ︽ᠠᠮᠢ ᠠᠬᠤᠢ ᠶᠢ ᠬᠠᠮᠠᠭᠠᠯᠠᠬᠤ ᠪᠠ | ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ︾ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃ | ᠵᠢᠢ ᠶᠦᠩ ᠴᠢᠶᠠᠨ ᠲᠤᠬᠠᠢ ᠶᠢᠨ ᠭᠠᠵᠠᠷ ᠤᠨ ᠬᠡᠰᠡᠭ ᠰᠤᠷᠭᠠᠭᠤᠯᠢ ᠳᠤ ᠭᠦᠨᠵᠡᠭᠡᠶᠢᠷᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠡᠷᠡ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠪᠠᠭᠰᠢ ᠶᠢᠨ ᠡᠩᠨᠡᠭᠡ ᠶᠢ ᠪᠠᠶᠢᠭᠤᠯᠤᠨ | ᠬᠦᠴᠦᠷᠬᠡᠭᠵᠢᠭᠦᠯᠵᠦ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠵᠢᠢ ᠶᠦᠩ ᠴᠢᠶᠠᠨ ᠪᠠᠰᠠ ᠬᠥᠯᠥᠨ ᠪᠤᠶᠢᠷ ᠬᠤᠳᠠ ᠶᠢᠨ ᠬᠤᠳᠠ ᠶᠢᠨ ᠲᠥᠯᠦᠪᠵᠢᠭᠦᠯᠭᠡ ᠶᠢᠨ | ᠦᠵᠡᠰᠬᠦᠯᠡᠩ ᠤᠨ ᠣᠷᠳᠣᠨ ᠳᠤ ᠬᠦᠷᠴᠦ ᠲᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠪᠠᠶᠢᠴᠠᠭᠠᠨ ᠰᠤᠳᠤᠯᠵᠤ᠂ ᠤᠨᠢᠨ ᠳᠡᠭᠡᠷ᠎ᠡ ᠨᠢ ᠪᠠᠶᠢᠷᠢ ᠲᠣᠭᠲᠠᠭᠠᠵᠤ᠂ | ᠠᠯᠤᠰ ᠬᠡᠳᠦ ᠳᠤ ᠰᠠᠭᠤᠷᠢᠯᠠᠵᠤ᠂ ᠣᠨᠴᠠᠯᠢᠭ ᠢ ᠲᠤᠪᠤᠶᠢᠯᠭᠠᠵᠦ᠂ ᠰᠢᠨᠵᠢᠯᠡᠬᠦ ᠤᠬᠠᠭᠠᠨᠴᠢ ᠪᠠᠷ ᠵᠢᠷᠤᠵᠤ ᠲᠥᠯᠥᠪᠯᠡᠵᠦ᠂ ᠳᠡᠯᠭᠡᠨ ᠦᠵᠡᠭᠦᠯᠬᠦ ᠴᠢᠳᠠᠮᠵᠢ ᠪᠣᠯᠣᠨ | ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃ | | | |