2 ᠰᠠᠷ᠎ᠠ ᠶᠢᠨ 20 ᠤ ᠡᠳᠦᠷ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ | ᠤᠯᠤᠰ ᠤᠨ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᠢ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠪᠦᠬᠦ ᠬᠤᠲᠠ ᠶᠢᠨ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠭᠡ ᠲᠠᠯ᠎ᠠ ᠳᠤ ᠦᠢᠯᠡᠴᠢᠯᠡᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠴᠢᠩᠭ᠎ᠠ ᠪᠣᠳᠠᠲᠠᠢ ᠰᠤᠷᠲᠠᠯ ᠢ ᠳᠣᠪᠤᠶᠢᠯᠭᠠᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ | ᠵᠢᠷᠭᠤᠭᠠᠨ ᠠᠵᠢᠯᠯᠠᠭᠠᠨ︾ ᠢ ᠥᠷᠨᠢᠭᠦᠯᠵᠦ᠂ ︽ᠬᠤᠶᠠᠷ ᠢ ᠬᠤᠪᠢᠷᠠᠭᠤᠯᠬᠤ︾ ᠶᠢ ᠠᠬᠢᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ | ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠵᠣᠬᠢᠶᠠᠨ ᠪᠠᠶᠢᠭᠤᠯᠬᠤ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠨᠣᠯ ᠢᠶᠠᠷ ᠵᠡᠪᠰᠡᠭᠯᠡᠬᠦ᠂ ᠴᠢᠳᠠᠪᠤᠷᠢᠲᠠᠨ ᠢ ᠰᠣᠩᠭᠤᠨ ᠴᠢᠳᠠᠪᠤᠷᠢᠲᠠᠨ ᠢ ᠬᠥᠮᠥᠵᠢᠭᠦᠯᠬᠦ᠂ | ᠴᠢᠳᠠᠪᠤᠷᠢᠲᠠᠨ ᠢ ᠬᠥᠮᠥᠵᠢᠭᠦᠯᠵᠦ ᠴᠢᠳᠠᠪᠤᠷᠢᠲᠠᠨ ᠢ ᠴᠤᠭᠯᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠢᠱᠢᠶᠡᠴᠢ ᠰᠠᠯᠠᠭ᠎ᠠ | ᠮᠥᠴᠢᠷ ᠪᠣᠯᠣᠨ ᠰᠢᠯᠭᠠᠷᠠᠭᠰᠠᠨ ᠡᠩᠨᠡᠭᠡ ᠶᠢ ᠦᠷᠭᠦᠯᠵᠢᠯᠡᠨ ᠪᠠᠶᠢᠭᠤᠯᠵᠤ᠂ ᠬᠥᠯᠥᠨ ᠪᠤᠶᠢᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ 6 ᠭᠠᠵᠠᠷ ᠣᠷᠣᠨ ᠤ ᠨᠢᠭᠡᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | | | |