ᠬᠥᠯᠥᠨ ᠪᠤᠶᠢᠷ ᠬᠤᠲᠠ ᠬᠢᠩᠭᠠᠨ ᠠᠶᠢᠮᠠᠭ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠭᠤᠷᠪᠠᠨ ᠲᠠᠯ᠎ᠠ ᠶᠢᠨ ᠣᠷᠣᠨ  ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/12
      2 ᠰᠠᠷ᠎ᠠ ᠶᠢᠨ 21᠎ ᠤ ᠡᠳᠦᠷ᠂ ᠬᠢᠩᠭᠠᠨ ᠠᠶᠢᠮᠠᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠳᠠ ᠳᠤ ᠰᠢᠨᠵᠢᠯᠡᠨ ᠪᠠᠶᠢᠴᠠᠭᠠᠵᠤ᠂  ᠡᠨᠡ ᠬᠤᠭᠤᠴᠠᠭᠠᠨ ᠳᠤ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠵᠡᠷᠭᠡ  ᠭᠤᠷᠪᠠᠨ ᠲᠠᠯ᠎ᠠ ᠶᠢᠨ ᠬᠢᠨ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ  ᠬᠤᠷᠢᠶᠠᠨ ᠤ ᠱᠦᠵᠢ ᠸᠠᠩ ᠸᠠᠩ ᠱᠧᠩ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂  ᠠᠶᠢᠮᠠᠭ ᠤᠨ ᠳᠠᠷᠤᠭ᠎ᠠ ᠢᠦᠢ ᠵᠢᠢ ᠱᠦᠨ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃ ᠥᠪᠥᠷ ᠮᠣᠩᠭᠤᠯ ᠤᠨ  ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ᠂ ᠬᠡᠷᠡᠭ ᠮᠡᠳᠡᠭᠴᠢᠳ ᠤᠨ ᠳᠠᠷᠤᠭ᠎ᠠ  ᠡᠩᠬᠡᠲᠥᠪᠰᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃        ᠬᠤᠷᠠᠯ ᠠᠴᠠ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢᠬᠢ ᠠᠵᠢᠯ ᠢ  ᠨᠠᠶᠢᠳᠠᠪᠤᠷᠢᠵᠢᠭᠤᠯᠤᠭᠰᠠᠨ ᠪᠠᠶᠢᠳᠠᠯ᠂ ᠳᠠᠷᠠᠭᠠᠴᠢ ᠶᠢᠨ ᠠᠯᠬᠤᠮ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ  ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃        ᠸᠠᠩ ᠸᠠᠩ ᠱᠧᠩ᠂ ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ  ᠢᠯᠡᠳᠬᠡᠵᠦ᠂ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠦᠴᠦᠲᠡᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ  ᠬᠡᠯᠡᠬᠦ ᠳᠡᠭᠡᠨ᠂ ᠬᠢᠩᠭᠠᠨ ᠠᠶᠢᠮᠠᠭ᠂ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠥᠩᠭᠡᠷᠡᠭᠰᠡᠨ ᠲᠠᠢ ᠪᠠᠨ ᠠᠳᠠᠯᠢ ᠪᠠᠷ ᠬᠥᠯᠥᠨ ᠪᠤᠶᠢᠷ ᠲᠠᠢ ᠬᠠᠮᠲᠤ ᠪᠠᠷ  ᠤᠷᠤᠭᠰᠢᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾᠂ ︽ᠨᠢᠭᠡ ᠲᠣᠣᠷ︾᠎ ᠤᠨ ᠪᠦᠲᠦᠭᠡᠨ ᠪᠠᠶᠢᠭᠤᠯᠤᠯᠲᠠ ᠶᠢ  ᠢᠳᠡᠪᠬᠢᠲᠡᠢ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ︽ᠪᠣᠬᠢᠷᠲᠤᠯ ᠦᠭᠡᠢ ᠴᠠᠬᠢᠯᠭᠠᠨ ᠢ  ᠪᠡᠭᠡᠵᠢᠩ ᠳᠤ ᠣᠷᠣᠭᠤᠯᠬᠤ︾ ︽ᠤᠮᠠᠷᠠᠲᠤ ᠶᠢᠨ ᠤᠰᠤ ᠶᠢ ᠡᠮᠦᠨᠡᠰᠢ ᠪᠠᠨ ᠲᠣᠬᠢᠷᠠᠭᠤᠯᠬᠤ︾ ᠵᠡᠷᠭᠡ ᠲᠥᠷᠥᠯ ᠵᠦᠢᠯ ᠤᠨ ᠲᠣᠭᠤᠷᠢᠨ ᠳᠤ ᠲᠥᠷᠥ ᠶᠢᠨ  ᠪᠣᠳᠣᠯᠭ᠎ᠠ ᠶᠢᠨ ᠳᠡᠮᠵᠢᠯᠭᠡ ᠶᠢ ᠬᠠᠮᠲᠤ ᠪᠠᠷ ᠣᠯᠵᠤ᠂ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠥᠷᠥᠯ ᠵᠦᠢᠯ ᠢ ᠲᠥᠯᠥᠪᠵᠢᠭᠦᠯᠦᠨ  ᠬᠡᠷᠡᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠪᠠ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂  ᠳᠤᠮᠳᠠ ᠡᠩᠨᠡᠭᠡ ᠳᠤ ᠣᠷᠣᠬᠤ︾᠎ ᠳᠤ ᠦᠢᠯᠡᠴᠢᠯᠡᠬᠦ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃        ᠰᠦᠬᠡ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢ ᠣᠯᠣᠭᠰᠠᠨ ᠠᠵᠢᠯ ᠤᠨ ᠦᠷ᠎ᠡ  ᠪᠦᠲᠦᠭᠡᠯ ᠢ ᠭᠦᠢᠴᠡᠳ ᠨᠤᠲᠠᠯᠠᠵᠤ᠂ ᠭᠤᠷᠪᠠᠨ ᠲᠠᠯ᠎ᠠ ᠪᠠᠷ ᠢᠶᠠᠨ ᠠᠵᠠ ᠲᠣᠬᠢᠶᠠᠯ ᠢ ᠠᠮᠵᠢᠵᠤ᠂ ᠤᠷᠢᠳᠠᠪᠠᠷ ᠬᠡᠷᠡᠭᠵᠢᠭᠦᠯᠵᠦ᠂ ᠣᠷᠣᠨ ᠪᠦᠰᠡ ᠶᠢᠨ  ᠬᠠᠮᠵᠢᠯᠴᠠᠭ᠎ᠠ ᠶᠢ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠵᠤᠭᠠᠴᠠᠯ ᠤᠨ ᠬᠠᠮᠲᠤᠷᠠᠯᠴᠠᠭ᠎ᠠ ᠶᠢ ᠴᠢᠩᠭᠠᠳᠬᠠᠬᠤ᠂  ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠥᠷᠨᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠠᠳᠠᠯᠢ ᠴᠢᠭᠯᠡᠯ ᠢᠶᠠᠷ ᠬᠦᠴᠦᠯᠡᠵᠦ᠂ ᠭᠠᠷ ᠬᠤᠯᠪᠣᠨ  ᠬᠠᠮᠲᠤᠪᠠᠷ ᠤᠷᠤᠭᠰᠢᠯᠠᠵᠤ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠵᠤ᠂ ᠨᠡᠩ ᠤᠯᠠᠨ  ᠡᠯᠪᠡᠭ ᠦᠷ᠎ᠡ ᠪᠦᠲᠦᠭᠡᠯ ᠣᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃        ᠡᠩᠬᠡᠲᠥᠪᠰᠢᠨ ᠢᠯᠡᠷᠬᠡᠶᠢᠯᠡᠬᠦ ᠳᠡᠭᠡᠨ᠂ ᠬᠥᠯᠥᠨ ᠪᠤᠶᠢᠷ ᠬᠢᠩᠭᠠᠨ ᠬᠤᠶᠠᠷ ᠭᠠᠵᠠᠷ ᠤᠨ ᠪᠠᠶᠢᠭᠠᠯᠢ ᠶᠢᠨ ᠥᠪᠡᠷᠮᠢᠴᠡ ᠣᠨᠴᠠᠯᠢᠭ ᠲᠠᠢ᠂ ᠬᠠᠮᠲᠤᠷᠠᠯᠴᠠᠭᠠᠨ ᠤ  ᠠᠯᠤᠰ ᠬᠡᠲᠦ ᠶᠢᠨ ᠲᠥᠯᠥᠪ ᠥᠷᠭᠡᠨ ᠠᠭᠤᠳᠠᠮ ᠪᠠᠶᠢᠨ᠎ᠠ᠂ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠬᠠᠷᠢᠶ᠎ᠠ ᠭᠠᠵᠠᠷ ᠤᠨ ᠬᠡᠷᠡᠭᠴᠡᠭᠡ ᠳᠤ  ᠰᠠᠭᠤᠷᠢᠯᠠᠨ᠂ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠲᠥᠯᠥᠪᠵᠢᠭᠦᠯᠦᠨ ᠠᠬᠢᠭᠤᠯᠵᠤ᠂ ᠬᠤᠶᠠᠷ ᠭᠠᠵᠠᠷ ᠤᠨ ᠠᠵᠤ ᠠᠬᠤᠢ  ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶ ᠰᠢᠭᠤᠢ ᠶᠢᠨ ᠠᠵᠤ ᠦᠢᠯᠡᠳᠪᠦᠷᠢ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃        ᠬᠤᠳᠠ ᠶᠢᠨ ᠤᠳᠤᠷᠢᠳᠤᠯᠭ᠎ᠠ ᠸᠠᠩ ᠮᠧᠩ᠂ ᠵᠢᠶᠠ ᠰᠢᠶᠣᠣ ᠮᠢᠩ ᠣᠷᠣᠯᠴᠠᠪᠠ᠃ 
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ