2 ᠰᠠᠷ᠎ᠠ ᠶᠢᠨ 24 ᠤ ᠡᠳᠦᠷ᠂ ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠵᠢᠴᠢ ᠪᠦᠬᠦ ᠬᠤᠲᠠ ᠶᠢᠨ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠪᠦᠬᠦ ᠣᠷᠣᠨ ᠤ ᠤᠬᠠᠭᠤᠯᠬᠤ | ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠣᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠠᠴᠠ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ | ᠰᠠᠨᠠᠭᠠᠨ ᠤ ᠠᠵᠢᠯ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ 2025 ᠣᠨ ᠤ | ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᠯᠢ ᡁᠢ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠬᠦ | ᠤᠨᠤᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠰᠤᠷᠭᠠᠨ ᠬᠥᠮᠥᠵᠢᠭᠦᠯᠬᠦ ᠡᠨᠡᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ | ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠬᠦ᠂ ︽ᠵᠢᠷᠭᠤᠭᠠᠨ | ᠠᠵᠢᠯᠯᠠᠭᠠᠨ︾ ᠢ ᠪᠣᠳᠠᠲᠠᠢ ᠠᠳᠬᠤᠵᠤ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠬᠤᠪᠢᠷᠠᠭᠤᠯᠵᠤ ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠯᠥᠨ | ᠪᠤᠶᠢᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ | ᠬᠦᠴᠦᠨ ᠴᠢᠳᠠᠯ ᠪᠣᠯᠣᠨ ᠠᠰᠢᠭᠲᠠᠢ ᠰᠣᠶᠣᠯ ᠤᠨ ᠨᠥᠬᠦᠴᠡᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | |