ᠸᠠᠩ ᠸᠠᠩ ᠱᠧᠩ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ ᠲᠡᠷᠭᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠤᠯᠪᠣᠭᠠᠲᠤ ᠬᠤᠷᠠᠯ ᠤᠨ ᠲᠤᠰᠬᠠᠢ  ᠲᠤᠰᠢᠶᠠᠯᠲᠤ ᠳᠡᠳ᠋ ᠲᠡᠷᠢᠭᠦᠯᠡᠭᠴᠢ ᠾᠧ ᠵᠢᠶᠠᠨ ᠳ᠋ᠦᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/12
       2 ᠰᠠᠷ᠎ᠠ ᠶᠢᠨ 23᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ  ᠲᠡᠷᠭᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠤᠯᠪᠣᠭᠠᠲᠤ ᠬᠤᠷᠠᠯ ᠤᠨ ᠲᠤᠰᠬᠠᠢ ᠲᠤᠰᠢᠶᠠᠯᠲᠤ ᠳᠡᠳ᠋ ᠲᠡᠷᠢᠭᠦᠯᠡᠭᠴᠢ ᠾᠧ ᠵᠢᠶᠠᠨ ᠳ᠋ᠦᠩ ᠨᠠᠷ ᠲᠠᠢ  ᠠᠭᠤᠯᠵᠠᠵᠤ᠂ ᠬᠤᠶᠠᠷ ᠲᠠᠯ᠎ᠠ ᠪᠠᠷ ᠢᠶᠠᠨ ᠮᠥᠰᠥ ᠴᠠᠰᠤᠨ ᠤ ᠪᠡᠶ᠎ᠡ ᠶᠢᠨ ᠲᠠᠮᠢᠷ ᠪᠠ ᠮᠥᠰᠥ ᠴᠠᠰᠤᠨ ᠤ ᠠᠵᠤ ᠦᠢᠯᠡᠰ ᠤᠨ ᠬᠠᠮᠲᠤᠷᠠᠯᠴᠠᠭ᠎ᠠ ᠶᠢ ᠤᠯᠠᠮ ᠨᠢᠭᠡ  ᠠᠯᠬᠤᠮ ᠴᠢᠩᠭᠠᠳᠬᠠᠬᠤ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃        ᠸᠠᠩ ᠸᠠᠩ ᠱᠧᠩ ᠾᠧ ᠵᠢᠶᠠᠨ ᠳ᠋ᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ 2 ᠰᠠᠷ᠎ᠠ ᠶᠢᠨ  21᠎ ᠤ ᠡᠳᠦᠷ ᠡᠬᠢᠯᠡᠭᠰᠡᠨ ︽2025 · ᠳᠤᠮᠳᠠᠳᠤ ᠤᠯᠤᠰ ᠤᠨ ᠮᠠᠰᠢᠨ ᠲᠡᠷᠭᠡᠨ ᠤ ᠲᠠᠯᠠᠪᠤᠷ ᠤᠨ ᠬᠡᠭᠡᠷᠡᠯᠡᠨ ᠠᠶᠠᠯᠠᠬᠤ ︵ᠮᠥᠰᠥ ᠴᠠᠰᠤ︶ ᠮᠠᠩᠯᠠᠢ  ᠰᠢᠯᠭᠠᠷᠠᠭᠤᠯᠬᠤ ᠤᠷᠤᠯᠳᠤᠭᠠᠨ ᠤ ᠬᠥᠯᠥᠨ ᠪᠤᠶᠢᠷ ᠥᠷᠲᠡᠭᠡ︾᠎ ᠶᠢᠨ ᠠᠵᠢᠯᠯᠠᠭ᠎ᠠ ᠨᠢ ᠲᠣᠰ ᠭᠠᠵᠠᠷ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠭᠦᠨᠵᠡᠭᠡᠢ  ᠠᠭᠤᠰᠤᠯᠴᠠᠯ ᠢ ᠳᠠᠶᠢᠴᠢᠯᠠᠵᠤ᠂ ᠤᠷᠤᠯᠳᠤᠭᠠᠨ ᠤ ᠲᠦᠷᠦᠯ ᠵᠦᠢᠯ ᠨᠢ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ ᠲᠡᠷᠭᠡᠨ ᠤ ᠬᠥᠳᠡᠯᠭᠡᠭᠡᠨ ᠤ ᠬᠤᠯᠪᠣᠭᠠᠲᠤ  ᠬᠤᠷᠠᠯ ᠤᠨ ᠬᠦᠴᠦᠲᠡᠢ ᠳᠡᠮᠵᠢᠭᠰᠡᠨ ᠤ ᠬᠢ ᠶᠤᠮ᠃ ᠬᠥᠯᠥᠨ ᠪᠤᠶᠢᠷ ᠬᠤᠲᠠ ᠮᠥᠰᠥ ᠴᠠᠰᠤᠨ ᠤ ᠬᠠᠯᠠᠭᠤᠨ ᠰᠡᠳᠬᠢᠯᠭᠡ ᠶᠢ ᠦᠷᠭᠦᠯᠵᠢᠯᠡᠨ ᠦᠷᠭᠦᠯᠵᠢᠯᠡᠭᠦᠯᠵᠦ᠂  ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠳᠠᠪᠠᠭᠤᠯᠢᠭ ᠢᠶᠠᠨ ᠪᠠᠬᠢᠵᠢᠭᠦᠯᠦᠨ ᠥᠷᠭᠡᠳᠬᠡᠵᠦ᠂ ︽ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠲᠠ︾᠎ ᠶᠢᠨ ᠳᠦᠷᠢ ᠲᠥᠷᠬᠦ ᠶᠢ ᠦᠷᠭᠦᠯᠵᠢᠯᠡᠨ ᠪᠠᠳᠠᠷᠠᠭᠤᠯᠵᠤ᠂ ᠡᠪᠦᠯ ᠤᠨ ᠤᠯᠠᠷᠢᠯ ᠤᠨ ᠮᠠᠰᠢᠨ ᠲᠡᠷᠭᠡᠨ ᠤ ᠲᠤᠷᠰᠢᠯᠲᠠ᠂ ᠣᠯᠠᠨ ᠲᠦᠮᠡᠨᠴᠢ ᠮᠥᠰᠥ ᠴᠠᠰᠤᠨ ᠤ  ᠤᠷᠤᠯᠳᠤᠭᠠᠨ ᠤ ᠶᠠᠪᠤᠳᠠᠯ ᠵᠡᠷᠭᠡ ᠲᠥᠷᠥᠯ ᠵᠦᠢᠯ ᠢ ᠨᠠᠷᠢᠨ ᠨᠢᠮᠪᠠᠢ ᠰᠠᠶᠢᠲᠤᠷ ᠠᠳᠬᠤᠨ᠎ᠠ᠃ ᠬᠤᠶᠠᠷ ᠲᠠᠯ᠎ᠠ ᠪᠠᠷ ᠢᠶᠠᠨ ᠣᠷᠣᠨ ᠪᠦᠰᠡ ᠶᠢᠨ ᠬᠠᠮᠲᠤᠷᠠᠯᠴᠠᠭ᠎ᠠ ᠪᠠᠨ  ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠪᠣᠯᠣᠨ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠤᠨ ᠳᠤᠮᠳᠠ ᠴᠢᠨᠠᠷ  ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃        ᠾᠧ ᠵᠢᠶᠠᠨ ᠳ᠋ᠦᠩ ᠢᠯᠡᠷᠬᠡᠶᠢᠯᠡᠬᠦ ᠳᠡᠭᠡᠨ᠂ ᠬᠥᠯᠥᠨ ᠪᠤᠶᠢᠷ ᠨᠢ ᠮᠥᠰᠥ ᠴᠠᠰᠤᠨ ᠤ ᠥᠪᠡᠷᠮᠢᠴᠡ ᠡᠬᠢ ᠪᠠᠶᠠᠯᠢᠭ ᠲᠠᠢ᠂ ᠣᠯᠠᠨ ᠨᠡᠶᠢᠲᠡ ᠶᠢᠨ ᠮᠥᠰᠥ  ᠴᠠᠰᠤᠨ ᠤ ᠲᠠᠮᠢᠷ ᠤᠨ ᠬᠥᠳᠡᠯᠭᠡᠭᠡᠨ ᠤ ᠬᠦᠰᠡᠯᠡᠩ ᠤᠨ ᠭᠠᠵᠠᠷ ᠪᠣᠯᠣᠨ᠎ᠠ᠃ ᠮᠥᠰᠥ ᠴᠠᠰᠤᠨ ᠤ ᠤᠷᠤᠯᠳᠤᠭᠠᠨ ᠪᠣᠯᠣᠨ ᠮᠥᠰᠥ ᠴᠠᠰᠤᠨ ᠤ ᠠᠵᠤ ᠦᠢᠯᠡᠰ ᠤᠨ  ᠲᠥᠷᠥᠯ ᠵᠦᠢᠯ ᠬᠥᠯᠥᠨ ᠪᠤᠶᠢᠷ ᠲᠠᠢ ᠨᠡᠩ ᠭᠦᠨ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠮᠥᠰᠥ ᠴᠠᠰᠤᠨ ᠤ ᠤᠯᠠᠷᠢᠯ ᠤᠨ ᠰᠡᠳᠦᠪ ᠢ  ᠬᠠᠮᠲᠤᠪᠠᠷ ᠰᠠᠶᠢᠲᠤᠷ ᠬᠢᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ ᠨᠡᠷᠡᠲᠦ ᠲᠡᠮᠳᠡᠭ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠪᠡ᠃        ᠬᠤᠳᠠ ᠶᠢᠨ ᠤᠳᠤᠷᠢᠳᠤᠯᠭ᠎ᠠ ᠸᠠᠩ ᠮᠧᠩ᠂ ᠰᠦᠨ ᠸᠧᠢ ᠠᠭᠤᠯᠵᠠᠯᠲᠠ ᠳᠤ ᠣᠷᠣᠯᠴᠠᠪᠠ᠃     
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ