ᠪᠥᠬᠦ ᠬᠤᠲᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/12
       2 ᠰᠠᠷ᠎ᠠ ᠶᠢᠨ 24᠎ ᠤ ᠡᠳᠦᠷ᠂ ᠪᠥᠬᠦ ᠬᠤᠲᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾  ᠠᠵᠢᠯ ᠤᠨ ᠬᠤᠷᠠᠯ ᠬᠤᠷᠠᠯᠳᠤᠵᠤ᠂ ᠬᠤᠷᠠᠯ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠥᠬᠦ ᠤᠯᠤᠰ  ᠪᠥᠬᠦ ᠣᠷᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ ᠡᠨᠡ ᠵᠢᠯ ᠤᠨ ᠡᠭᠦᠷᠭᠡ ᠪᠠᠨ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ  ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠪᠦᠬᠦ ᠬᠤᠳᠠ ᠶᠢᠨ ᠤᠬᠠᠭᠤᠯᠭ᠎ᠠ ᠶᠢᠨ ᠹᠷᠣᠨᠲ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠤᠯᠠᠮᠵᠢᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᠯᠢ ᡁᠢ ᠬᠤᠷᠠᠯ ᠳᠤ ᠣᠷᠣᠯᠴᠠᠵᠤ  ᠶᠠᠷᠢᠶ᠎ᠠ ᠲᠠᠯᠪᠢᠪᠠ᠃        ᠬᠤᠷᠠᠯ ᠠᠴᠠ᠂ ︽ᠰᠦᠯᠵᠢᠶ᠎ᠡ ᠶᠢ ᠴᠡᠪᠡᠷᠯᠡᠬᠦ︾᠂ ︽ᠴᠢᠬᠢ ᠶᠢ ᠬᠠᠮᠠᠭᠠᠯᠠᠬᠤ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂  ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠦᠢᠯᠡ ᠠᠵᠢᠯᠯᠠᠭ᠎ᠠ ᠳᠤ  ᠡᠷᠡᠰ ᠴᠣᠬᠢᠯᠲᠠ ᠥᠭᠬᠦ ᠪᠠ ᠱᠠᠯᠢᠭ ᠵᠠᠪᠬᠠᠢ ᠮᠡᠳᠡᠭᠡ ᠵᠠᠩᠭᠢ ᠶᠢ ᠤᠯᠠᠮᠵᠢᠯᠠᠬᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠡᠷᠭᠡᠵᠢᠯ ᠢ ᠬᠡᠷᠡᠭᠯᠡᠬᠦ ᠪᠠ ᠠᠶᠤᠯ  ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾  ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠭᠤᠣᠯᠳᠠᠯᠭ᠎ᠠ ᠲᠠᠢ ᠪᠦᠷᠢᠨᠰᠢᠭᠦᠯᠵᠦ᠂ ᠬᠤᠲᠠ ᠶᠢᠨ ᠬᠡᠪᠴᠢᠶᠡᠨ ᠤ ᠬᠤᠯᠪᠤᠭᠠᠯᠠᠨ ᠰᠡᠷᠭᠡᠶᠢᠯᠡᠵᠦ  ᠬᠠᠮᠲᠤᠷᠠᠯᠴᠠᠬᠤ ᠶᠢ ᠴᠢᠩᠭᠠᠳᠬᠠᠵᠤ᠂ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠬᠠᠮᠲᠤᠷᠠᠯ  ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠠᠵᠢᠯ ᠤᠨ ᠰᠠᠭᠤᠷᠢ ᠶᠢ ᠪᠠᠬᠢᠵᠢᠭᠦᠯᠵᠦ᠂  ᠪᠦᠬᠦ ᠬᠤᠲᠠ ᠶᠢᠨ ᠰᠣᠶᠣᠯ ᠤᠨ ᠴᠡᠴᠡᠭᠯᠡᠯᠲᠡ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ 
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ