ᠦᠰᠦᠭᠲᠦ ᠲᠠᠶᠢᠯᠤᠮᠵᠢ᠄ ᠬᠦᠯᠦᠨ ᠪᠤᠶᠢᠷ ᠬᠤᠲᠠ ᠶᠢᠨ 2025 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ 1
ᠨᠡᠶᠢᠲᠡᠯᠡᠭᠰᠡᠨ ᠴᠠᠭ᠄
2025/3/14
       ᠨᠢᠭᠡ᠂ 2024 ᠣᠨ ᠤ ᠠᠵᠢᠯ ᠤᠨ ᠡᠷᠭᠢᠴᠡᠭᠦᠯᠦᠯ        ︵ᠨᠢᠭᠡ︶ ᠠᠵᠤ ᠠᠬᠤᠢ ᠶᠢᠨ ᠶᠠᠪᠤᠭᠳᠠᠯ ᠶᠡᠷᠦᠩᠬᠡᠢ ᠳᠡᠭᠡᠨ ᠲᠣᠭᠲᠠᠭᠤᠨ ᠪᠠᠶᠢᠪᠠ᠃ ᠲᠥᠷᠦᠯ ᠵᠦᠢᠯ ᠤᠨ ᠪᠠᠶᠢᠭᠤᠯᠤᠯᠲᠠ ᠬᠦᠴᠦ ᠨᠡᠮᠡᠨ ᠦᠷ᠎ᠡ ᠠᠰᠢᠭ ᠢᠶᠠᠨ ᠳᠡᠭᠡᠭᠰᠢᠯᠡᠭᠦᠯᠪᠡ᠃ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠦᠷ᠎ᠡ ᠪᠦᠲᠦᠮᠵᠢ ᠢᠯᠡᠳᠲᠡ ᠪᠣᠯᠪᠠ᠃ ᠬᠡᠷᠡᠭᠯᠡᠭᠡᠨ ᠤ ᠵᠠᠬ᠎ᠠ ᠳᠡᠯᠭᠡᠬᠦᠷ ᠤᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠪᠡ᠃ ᠭᠠᠳᠠᠭᠠᠳᠤ ᠠᠷᠠᠯᠵᠢᠶ᠎ᠠ ᠶᠢᠨ ᠰᠢᠪᠲᠤᠯᠤᠯᠲᠠ ᠶᠢ ᠪᠡᠶᠡᠯᠡᠭᠦᠯᠪᠡ᠃        ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠲᠦᠷᠭᠡᠳᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠪᠠᠬᠢᠵᠢᠪᠡ᠃ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠰᠠᠶᠢᠵᠢᠷᠠᠪᠠ᠃ ᠰᠤᠶᠤᠯ ᠵᠢᠭᠤᠯᠴᠢᠯᠠᠯ ᠤᠨ ᠠᠵᠤ ᠦᠢᠯᠡᠰ ᠴᠢᠨᠠᠷ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠴᠢᠳᠠᠯ ᠬᠤᠷᠠᠮᠳᠤᠭᠤᠯᠤᠨ ᠨᠥᠯᠦᠭᠡ ᠡᠭᠦᠰᠪᠡ᠃        ︵ᠭᠤᠷᠪᠠ︶ ᠬᠦᠭᠵᠢᠯᠲᠡ ᠶᠢᠨ ᠬᠦᠳᠡᠯᠭᠡᠭᠴᠢ ᠡᠨᠧᠷᠭᠢ ᠲᠠᠰᠤᠷᠠᠯᠳᠠ ᠦᠭᠡᠢ ᠴᠢᠩᠭᠠᠷᠠᠪᠠ᠃ ᠲᠦᠷᠦ ᠶᠢᠨ ᠪᠤᠳᠤᠯᠭ᠎ᠠ ᠶᠢᠨ ᠪᠤᠳᠠᠳᠠᠶᠢᠵᠢᠭᠤᠯᠤᠯᠳᠠ ᠶᠢᠨ ᠦᠷ᠎ᠡ ᠪᠦᠲᠦᠮᠵᠢ ᠢᠯᠡᠳᠳᠡ ᠪᠤᠯᠪᠠ᠃ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠦᠷᠬᠦᠯᠵᠢᠯᠡᠨ ᠰᠢᠯᠢᠳᠡᠭᠵᠢᠪᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠰᠢᠪᠲᠤᠯᠤᠯᠲᠠ ᠳᠤ ᠠᠩᠬᠠᠷᠤᠯ ᠢᠶᠠᠨ ᠲᠦᠪᠯᠡᠷᠡᠭᠦᠯᠪᠡ᠃        ︵ᠳᠦᠷᠪᠡ︶ ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠬᠦᠴᠢᠷ ᠲᠦᠪᠡᠭ ᠢ ᠲᠠᠶᠢᠯᠠᠨ ᠡᠬᠢᠯᠡᠭᠦᠯᠪᠡ᠃        ︵ᠲᠠᠪᠤ︶ ᠬᠤᠲᠠ ᠬᠦᠳᠡᠭᠡ ᠶᠢᠨ ᠬᠦᠭᠵᠢᠯᠳᠡ ᠶᠢ ᠬᠠᠷᠢᠯᠴᠠᠨ ᠠᠬᠢᠭᠤᠯᠵᠤ ᠬᠠᠮᠲᠤᠪᠠᠷ ᠳᠠᠪᠰᠢᠪᠠ᠃ ᠬᠤᠲᠠ ᠶᠢᠨ ᠴᠢᠳᠠᠮᠵᠢ ᠳᠠᠰᠤᠷᠠᠯᠳᠠ ᠦᠭᠡᠢ ᠰᠢᠯᠢᠳᠡᠭᠵᠢᠪᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠪᠠᠲᠤᠲᠠᠢ ᠠᠬᠢᠪᠠ᠃ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠲᠦᠬᠦᠷᠵᠢᠪᠡ᠃        ︵ᠵᠢᠷᠭᠤᠭ᠎ᠠ︶ ᠠᠮᠢ ᠠᠬᠤᠢ ᠶᠢᠨ ᠪᠠᠶᠢᠭᠤᠯᠤᠯᠳᠠ ᠪᠠᠬᠢᠵᠢᠨ ᠭᠦᠨᠵᠡᠭᠡᠶᠢᠷᠡᠪᠡ᠃ ᠠᠮᠢ ᠠᠬᠤᠢ ᠶᠢᠨ ᠬᠠᠮᠠᠭᠠᠯᠠᠯᠲᠠ ᠦᠷᠬᠦᠯᠵᠢᠯᠡᠨ ᠴᠢᠩᠭᠠᠷᠠᠪᠠ᠃ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠳᠠ ᠦᠨᠳᠦᠷ ᠪᠦᠲᠦᠮᠵᠢᠳᠡᠢ ᠠᠬᠢᠪᠠ᠃        ︵ᠳᠣᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠦᠷᠭᠡᠳᠭᠡᠪᠡ᠃ ᠰᠤᠷᠭᠠᠨ ᠬᠥᠮᠦᠵᠢᠯ ᠴᠢᠨᠠᠷ ᠰᠠᠶᠢᠲᠠᠶ ᠲᠡᠩᠴᠡᠭᠦᠷᠢᠲᠡᠶ ᠬᠦᠭᠵᠢᠪᠡ᠃ ᠡᠮ ᠡᠮᠨᠡᠯᠭᠡ ᠶᠢᠨ ᠦᠢᠯᠡᠴᠢᠯᠡᠭᠡ ᠨᠡᠩ ᠲᠡᠭᠦᠯᠳᠡᠷᠵᠢᠪᠡ᠃ ᠰᠣᠶᠣᠯ ᠤᠨ ᠠᠵᠢᠯ ᠦᠢᠯᠡᠰ ᠴᠡᠴᠡᠭᠯᠡᠨ ᠬᠥᠭᠵᠢᠪᠡ᠃ ᠦᠨᠳᠦᠰᠦᠲᠡᠨ ᠤ ᠪᠦᠯᠬᠦᠮᠳᠡᠯ ᠭᠦᠨᠵᠡᠭᠡᠶᠢᠷᠡᠨ ᠪᠠᠬᠢᠵᠢᠪᠡ᠃        ︵ᠨᠠᠢᠮᠠ︶ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠤᠭᠲᠠᠭᠤᠨᠵᠢᠪᠠ᠃ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠪᠠ᠃ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠪᠠ᠃ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠳᠤᠪᠤᠶᠢᠮ᠎ᠠ ᠦᠷ᠎ᠡ ᠪᠦᠲᠦᠮᠵᠢ ᠤᠯᠪᠠ᠃        ᠨᠢᠭᠡ ᠵᠢᠯ ᠤᠨ ᠲᠤᠷᠰᠢ᠂ ᠪᠢᠳᠡ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠨᠡᠶᠢᠴᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠡᠭᠡᠷ᠎ᠡ ᠰᠡᠳᠭᠢᠯ ᠲᠠᠯᠪᠢᠨ ᠬᠦᠴᠦ ᠭᠠᠷᠭᠠᠪᠠ᠃        ᠡᠳ᠋ ᠤᠨ ᠵᠠᠰᠠᠭ ᠤᠨ ᠪᠡᠯᠡ ᠮᠦᠩᠭᠦ ᠲᠦᠢᠯ ᠤᠨ ᠪᠠᠴᠢᠮ ᠪᠠᠶᠢᠳᠠᠯ ᠳᠣᠣᠷ᠎ᠠ᠂ ᠠᠷᠠᠳ ᠤᠨ ᠠᠮᠢᠳᠤᠷᠠᠯ ᠢ ᠦᠷᠭᠦᠯᠵᠢᠯᠡᠨ ᠬᠦᠴᠦᠯᠡᠨ ᠰᠠᠶᠢᠵᠢᠷᠠᠭᠤᠯᠪᠠ᠃        40 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠭᠦᠢᠴᠡᠳᠬᠡᠪᠡ᠃        17 ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ᠂ 30 ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠤᠷᠤᠭᠰᠢᠲᠠᠢ ᠪᠠᠷ ᠪᠠᠶᠢᠭᠤᠯᠤᠨ ᠪᠦᠲᠦᠭᠡᠪᠡ᠃        ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ 40 ᠨᠠᠰᠤᠵᠢᠯ ᠤᠨ ᠠᠰᠠᠷᠠᠮᠵᠢ ᠶᠢᠨ ᠵᠢᠷᠭᠠᠯᠠᠩᠲᠤ ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠳᠡᠭᠡᠭᠰᠢᠯᠡᠬᠦᠯᠪᠡ᠃        ᠨᠢᠯᠬᠠᠰ ᠰᠠᠭᠠᠲᠠᠭᠤᠯᠬᠤ 2259 ᠤᠷᠤᠨ ᠲᠤᠭ᠎ᠠ᠂ ᠨᠠᠰᠤᠲᠠᠶᠢᠴᠤᠳ ᠲᠤ ᠲᠤᠰᠠᠯᠠᠬᠤ 150 ᠬᠤᠭᠤᠯᠠᠨ ᠭᠠᠵᠠᠷ᠂ 1109 ᠡᠷᠦᠬᠡ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠦᠲᠡᠭᠦᠰ ᠲᠤ ᠲᠤᠬᠢᠷᠠᠭᠤᠯᠤᠨ ᠦᠭᠡᠷᠡᠴᠢᠯᠡᠨ ᠵᠠᠰᠠᠪᠠ᠃        754 ᠲᠡᠷᠭᠡᠨ ᠵᠣᠭᠰᠣᠭᠠᠯ᠂ ᠠᠷᠠᠳ ᠲᠤ ᠳᠥᠭᠦᠮ ᠦᠵᠡᠭᠦᠯᠬᠦ 758 ᠴᠠᠬᠢᠯᠭᠠᠨ ᠴᠡᠨᠡᠭᠯᠡᠬᠦ ᠫᠤᠤ ᠵᠡᠷᠭᠡ ᠨᠢᠭᠡ ᠪᠦᠯᠦᠭ ᠰᠠᠶᠢᠨ ᠶᠠᠪᠤᠳᠠᠯ ᠪᠤᠳᠠᠳᠤ ᠶᠠᠪᠤᠳᠠᠯ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢᠯᠡᠳᠲᠡ ᠳᠡᠭᠡᠭᠰᠢᠯᠡᠪᠡ᠃        ᠨᠢᠭᠡ ᠵᠢᠯ ᠤᠨ ᠲᠤᠷᠰᠢ᠂ ᠪᠢᠳᠡ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠰᠢᠭᠲᠠᠢ ᠪᠠᠶᠢᠳᠠᠯ ᠢ ᠠᠮᠵᠢᠨ᠂ ᠴᠢᠬᠤᠯᠠ ᠶᠡᠭᠡ ᠠᠵᠢᠯᠯᠠᠭ᠎ᠠ ᠳᠤ ᠭᠢᠯᠠᠯᠵᠠᠮ᠎ᠠ ᠰᠢᠨ᠎ᠡ ᠠᠮᠵᠢᠯᠲᠠ ᠤᠯᠪᠠ᠃        ︽ᠠᠷᠪᠠᠨ ᠳᠥᠷᠪᠡᠳᠦᠭᠡᠷ ᠡᠪᠦᠯ︾ ᠤᠨ ᠪᠡᠯᠡᠳᠭᠡᠨ ᠡᠷᠬᠢᠯᠡᠬᠦ ᠡᠭᠦᠷᠭᠡ ᠶᠢ ᠦᠨᠳᠦᠷ ᠲᠦᠪᠰᠢᠨ ᠢᠶᠠᠷ ᠪᠡᠶᠡᠯᠡᠭᠦᠯᠵᠦ᠂ ᠪᠥᠬᠦ ᠤᠯᠤᠰ ᠤᠨ ᠠᠷᠠᠳ ᠲᠦᠮᠡᠨ ᠳᠤ ᠨᠢᠭᠡ ᠤᠳᠠᠭᠠᠨ ᠤ ᠦᠪᠡᠷᠮᠢᠴᠡ ᠭᠤᠶᠢᠲᠠ᠂ ᠮᠠᠷᠲᠠᠭᠳᠠᠰᠢ ᠥᠬᠡᠶ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠰᠣᠨᠢᠷᠬᠠᠭᠤᠯᠪᠠ᠃        2024 ᠣᠨ ᠤ ᠡᠷᠡᠭᠲᠡᠶ ᠶᠢᠨ ᠪᠤᠶᠢᠺᠤ ᠪᠥᠮᠪᠦᠭᠡ ᠶᠢᠨ ᠠᠽᠢᠶ᠎ᠠ ᠲᠢᠪ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠪᠠ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠢ ᠤᠷᠤᠭᠰᠢᠲᠠᠶ ᠳᠠᠭᠠᠭᠠᠨ ᠡᠷᠭᠢᠯᠡᠵᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠬᠤᠲᠠ ᠶᠢᠨ ᠬᠡᠭᠡᠷᠡᠯᠡᠨ ᠴᠠᠨᠠᠯᠠᠬᠤ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠤᠷᠤᠭᠤᠯᠪᠠ᠃        80 ᠭᠠᠷᠤᠶ ᠲᠠᠯᠠᠪᠤᠷ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠡᠷᠭᠡ ᠪᠠᠷ ᠦᠷᠨᠢᠭᠦᠯᠪᠡ᠃        ᠬᠥᠯᠥᠨ ᠪᠤᠶᠢᠷ ᠨᠢᠭᠡ ᠵᠢᠯ ᠤᠨ ᠳᠣᠲᠣᠷ᠎ᠠ ᠤᠯᠤᠰ ᠤᠨ ᠲᠠᠰ ᠤᠨ ᠮᠦᠰᠦ ᠴᠠᠰᠤᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠤᠶᠠᠷ ᠤᠳᠠᠭ᠎ᠠ ᠳᠠᠭᠠᠭᠠᠨ ᠡᠷᠬᠢᠯᠡᠭᠰᠡᠨ ᠪᠦᠬᠦ ᠤᠯᠤᠰ ᠤᠨ ᠠᠩᠬᠠᠳᠠᠭᠴᠢ ᠬᠤᠲᠠ ᠪᠤᠯᠪᠠ᠃        ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠰᠤᠷᠲᠠᠯ ᠢ ᠬᠤᠪᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠲᠠᠯ᠎ᠠ ᠪᠠᠷ ᠦᠢᠯᠡᠳᠦᠯᠭᠡᠵᠢᠭᠦᠯᠵᠦ ᠦᠷ᠎ᠡ ᠪᠦᠲᠦᠮᠵᠢ ᠤᠯᠪᠠ᠃        ᠪᠦᠬᠦ ᠤᠷᠤᠨ ᠳᠤ 12345 ᠬᠠᠯᠠᠮᠰᠢᠯ ᠤᠳᠠᠰᠤ ᠪᠤᠯᠬᠤ ︽ᠬᠤᠶᠠᠷ ᠲᠦᠯᠦᠭᠡᠯᠡᠭᠴᠢ ᠨᠢᠭᠡ ᠭᠡᠰᠢᠬᠦᠨ︾ ᠤ ᠲᠤᠰᠢᠶᠠᠯ ᠭᠦᠢᠴᠡᠳᠬᠡᠬᠦ ᠨᠡᠪᠲᠡᠷᠡᠯ ᠵᠠᠮ ᠢ ᠲᠦᠷᠦᠭᠦᠯᠡᠨ ᠨᠡᠪᠲᠡᠷᠡᠬᠦᠯᠪᠡ᠃ 221 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ᠂ 235 ᠬᠤᠪᠢ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠭᠦᠢᠴᠡᠳᠭᠡᠵᠦ ᠳᠠᠭᠤᠰᠬᠠᠪᠠ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ