ᠬᠦᠯᠦᠨ ᠪᠤᠶᠢᠷ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠦᠭᠵᠢᠯᠲᠡ ᠶᠢᠨ ᠪᠠᠶᠢᠳᠠᠯ ᠴᠢᠩᠭᠠᠷᠠᠵᠤ ᠪᠠᠶᠢᠨ᠎ᠠ᠃ ᠨᠢᠭᠡ ᠳᠤ᠂ ᠵᠢᠭᠤᠯᠴᠢᠯᠠᠯ ᠤᠨ | ᠵᠠᠮ ᠱᠤᠭᠤᠮ ᠤᠨ ᠪᠦᠲᠦᠭᠡᠭᠳᠡᠬᠦᠨ ᠢ ᠨᠠᠷᠢᠯᠢᠭᠵᠢᠭᠤᠯᠪᠠ᠃ ︽ᠭᠤᠶᠤᠮᠰᠤᠭ ᠴᠠᠰᠤᠲᠤ ᠲᠠᠯ᠎ᠠ • ᠲᠠᠩᠰᠤᠭ ᠰᠠᠶᠢᠬᠠᠨ ᠠᠷᠠᠳ ᠤᠨ ᠵᠠᠩ ᠵᠠᠩᠰᠢᠯ︾ ᠵᠡᠷᠭᠡ 6 | ᠵᠤᠷᠪᠤᠰ ᠮᠥᠰᠥ ᠴᠠᠰᠤᠨ ᠤ ᠵᠢᠭᠤᠯᠴᠢᠯᠠᠯ ᠤᠨ ᠰᠣᠳᠣᠨ ᠪᠦᠲᠦᠭᠡᠯ ᠤᠨ ᠵᠠᠮ ᠱᠤᠭᠤᠮ ᠢ ᠪᠣᠶ ᠪᠣᠯᠭᠠᠵᠤ᠂ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠢ | 181 ᠭᠠᠷᠭᠠᠵᠤ᠂ ︽ᠣᠯᠭᠤᠶᠠ ᠶᠢᠨ ᠣᠶ ᠰᠢᠭᠤᠶ ᠶᠢᠨ ᠬᠡᠦᠬᠡᠳ ᠤᠨ ᠦᠯᠢᠭᠡᠷᠲᠦ ᠬᠤᠷᠢᠮ︾ ᠵᠡᠷᠭᠡ 9 ᠶᠡᠭᠡ ᠲᠥᠷᠥᠯ ᠤᠨ 26 ᠵᠦᠢᠯ ᠤᠨ ᠰᠢᠨ᠎ᠡ | ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ︽ᠰᠢᠶᠦ᠋ᠩ ᠰᠢᠶᠤᠤ ᠮᠠᠨ︾ ᠲᠠᠨ ᠳᠤ ᠬᠠᠨᠢ ᠪᠣᠯᠵᠤ ᠵᠢᠭᠤᠯᠴᠢᠯᠠᠬᠤ ᠵᠡᠷᠭᠡ ᠨᠠᠭᠠᠳᠬᠤ | ᠠᠷᠭ᠎ᠠ ᠨᠤᠭᠤᠳ ᠢ ᠭᠠᠷᠭᠠᠪᠠ᠃ ᠬᠤᠶᠠᠷ ᠲᠤ᠂ ᠰᠣᠳᠣᠨ ᠪᠦᠲᠦᠭᠡᠯ ᠤᠨ ᠠᠵᠢᠯᠯᠠᠭ᠎ᠠ ᠦᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ | ᠵᠢᠭᠤᠯᠴᠢᠯᠠᠯ ᠤᠨ ᠡᠬᠢᠯᠡᠯᠲᠡ ᠶᠢᠨ ᠶᠣᠰᠣᠯᠠᠯ ᠵᠢᠴᠢ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠢ | ᠠᠮᠵᠢᠯᠲᠠ ᠲᠠᠢ ᠡᠷᠬᠢᠯᠡᠵᠦ᠂ ᠬᠥᠯᠥᠨ ᠪᠤᠶᠢᠷ ᠤᠨ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ ᠵᠡᠷᠭᠡ 76 ᠵᠦᠢᠯ ᠤᠨ ᠡᠯ᠎ᠡ ᠲᠥᠷᠥᠯ ᠤᠨ ᠮᠥᠰᠥ | ᠴᠠᠰᠤᠨ ᠤ ᠤᠷᠤᠯᠳᠤᠭᠠᠨ ᠤ ᠶᠠᠪᠤᠳᠠᠯ ᠪᠠ ᠰᠣᠶᠣᠯ ᠵᠢᠭᠤᠯᠴᠢᠯᠠᠯ ᠤᠨ ᠠᠵᠢᠯᠯᠠᠭ᠎ᠠ ᠨᠤᠭᠤᠳ ᠢ ᠥᠷᠨᠢᠭᠦᠯᠪᠡ᠃ ᠭᠤᠷᠪᠠ ᠳᠤ᠂ ᠤᠬᠠᠭᠤᠯᠭ᠎ᠠ ᠬᠢᠵᠦ ᠡᠵᠡᠩᠨᠡᠨ | ᠪᠣᠷᠣᠯᠠᠭᠤᠯᠬᠤ ᠠᠵᠢᠯ ᠢ ᠥᠷᠨᠢᠭᠦᠯᠪᠡ᠃ ᠬᠠᠷᠪᠢᠨ᠂ ᠭᠤᠸᠠᠩᠵᠧᠦ ᠵᠡᠷᠭᠡ ᠭᠠᠵᠠᠷ ᠲᠤ 10 ᠭᠠᠷᠤᠶ ᠲᠠᠯᠠᠪᠤᠷ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠪᠠ | ᠵᠠᠮ ᠤᠨ ᠭᠤᠳᠤᠰ ᠤᠨ ᠲᠦᠷᠭᠡᠨ ᠲᠣᠭᠯᠠᠯᠲᠠ ᠭᠠᠷᠭᠠᠪᠠ᠂ ᠪᠥᠬᠦ ᠬᠤᠲᠠ ᠶᠢᠨ ᠵᠠᠭᠤᠴᠢᠯᠠᠭᠤᠷ ᠤᠨ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠭᠡᠵᠦ᠂ | ᠵᠢᠷᠤᠭ ᠪᠢᠴᠢᠭ ᠬᠤᠣᠰᠯᠠᠭᠰᠠᠨ ᠸᠢᠳᠢᠣ᠋ ᠶᠢ 5000 ᠭᠠᠷᠤᠶ ᠵᠤᠷᠪᠤᠰ ᠬᠦᠷᠭᠡᠵᠦ᠂ ᠰᠣᠨᠢᠷᠬᠠᠵᠤ ᠦᠵᠡᠭᠰᠡᠨ ᠶᠡᠷᠦᠩᠬᠡᠶ ᠬᠡᠮᠵᠢᠶ᠎ᠡ 3. 4 ᠳ᠋ᠦᠩᠰᠢᠭᠤᠷ ᠤᠳᠠᠭ᠎ᠠ ᠳᠤ | ᠬᠦᠷᠪᠡ᠂ ᠲᠥᠪ ᠲᠧᠯᠸᠢᠰ ᠤᠨ CCTV4 ᠰᠤᠪᠠᠭ ᠢᠶᠠᠷ ︽ᠳᠤᠮᠳᠠᠳᠤ ᠤᠯᠤᠰ ᠲᠤ ᠢᠩᠭᠢᠵᠦ ᠨᠠᠭᠠᠳᠬᠤᠢ︾ ᠫᠷᠤᠭ᠍ᠷᠠᠮ ᠢ ᠰᠢᠩᠭᠡᠭᠡᠨ ᠦᠢᠯᠡᠳᠬᠦ ᠳᠤ | ᠣᠷᠣᠯᠴᠠᠵᠤ᠂ ᠤᠩᠰᠢᠭᠰᠠᠨ ᠶᠡᠷᠦᠩᠬᠡᠶ ᠬᠡᠮᠵᠢᠶ᠎ᠡ ᠨᠢ 1 ᠳ᠋ᠦᠩᠰᠢᠭᠤᠷ ᠢ ᠰᠢᠪᠲᠤᠯᠪᠠ᠃ 2024 ᠣᠨ ᠤ 11 ᠳ᠋ᠦ᠋ᠭᠡᠷ ᠰᠠᠷ᠎ᠠ ᠠᠴᠠ 2025 ᠣᠨ ᠤ 1 ᠳ᠋ᠦ᠋ᠭᠡᠷ | ᠰᠠᠷ᠎ᠠ ᠪᠣᠯᠲᠠᠯ᠎ᠠ᠂ ᠪᠥᠬᠦ ᠬᠤᠲᠠ ᠨᠢ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ ᠨᠡᠶᠢᠲᠡ 456.2 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ | ᠠᠳᠠᠯᠢ ᠬᠤᠭᠤᠴᠠᠭᠠᠨ ᠤ ᠬᠢ ᠠᠴᠠ 40.47% ᠪᠠᠷ ᠨᠡᠮᠡᠭᠳᠡᠪᠡ︔ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠤᠨ ᠶᠡᠷᠦᠩᠬᠡᠶ ᠵᠠᠷᠤᠳᠠᠯ 61.13 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.03% ᠪᠠᠷ ᠨᠡᠮᠡᠭᠳᠡᠬᠦ ᠶᠢ ᠪᠡᠶᠡᠯᠡᠭᠦᠯᠪᠡ᠃ ︵ᠬᠦᠯᠦᠨ ᠪᠤᠶᠢᠷ ᠬᠤᠳᠠ ᠶᠢᠨ | ᠵᠠᠰᠠᠭ ᠤᠨ ᠤᠷᠳᠤᠨ︶ | |