3 ᠰᠠᠷ᠎ᠠ ᠶᠢᠨ 14 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠦᠷᠢᠶᠡᠨ ᠳᠠᠬᠢ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ︽ᠳᠥᠷᠪᠡᠨ ᠨᠢᠭᠡ ᠪᠦᠯᠦᠭ︾ ᠤᠨ ᠬᠠᠪᠰᠤᠷᠤᠨ | ᠲᠡᠳᠬᠦᠬᠦ ᠠᠵᠤ ᠦᠢᠯᠡᠰ ᠤᠨ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠴᠢᠮᠡᠭ ᠡᠷᠭᠢᠯᠡᠵᠦ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ ᠤᠨ | ᠡᠷᠬᠢᠯᠡᠭᠴᠢ ᠵᠣᠣ ᡁᠢ ᠮᠢᠩ ᠬᠠᠮᠢᠶ᠎ᠠ ᠪᠦᠬᠦᠢ ᠵᠦᠢᠯ ᠤᠳ ᠢ ᠲᠣᠬᠢᠷᠠᠭᠤᠯᠤᠨ ᠪᠠᠶᠢᠷᠢᠯᠠᠭᠤᠯᠵᠤ᠂ ᠡᠸᠡᠩᠬᠢ ᠦᠨᠳᠦᠰᠦᠲᠡᠨ ᠤ 8 ᠰᠤᠮᠤ ᠰᠢᠶᠠᠩ ᠪᠠᠯᠭᠠᠰᠤᠨ ᠤ | ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠬᠤᠷᠠᠯ ᠳᠤ ᠣᠷᠣᠯᠴᠠᠪᠠ᠃ | ᠡᠩ ᠲᠡᠷᠢᠭᠦᠨ ᠳᠤ᠂ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︿ᠳᠥᠷᠪᠡᠨ ᠨᠢᠭᠡ ᠪᠦᠯᠦᠭ﹀ ᠢ ᠨᠠᠶᠢᠳᠠᠪᠤᠷᠢᠵᠢᠭᠤᠯᠬᠤ ᠲᠤᠬᠠᠢ ᠱᠠᠭᠠᠷᠳᠠᠯᠭ᠎ᠠ ᠶᠢ | ᠦᠨᠳᠦᠰᠦᠯᠡᠨ᠂ ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠠᠵᠤ ᠦᠢᠯᠡᠰ ᠤᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠡᠮᠬᠢᠯᠡᠬᠦ ᠶᠢ ᠭᠠᠷᠳᠠᠨ | ᠬᠢᠵᠦ᠂ ᠨᠢᠭᠡ ᠪᠦᠯᠦᠭ ᠢ ᠪᠠᠬᠢᠵᠢᠭᠦᠯᠬᠦ᠂ ᠨᠢᠭᠡ ᠪᠦᠯᠦᠭ ᠢ ᠲᠡᠰ ᠳᠡᠪᠰᠢᠭᠦᠯᠬᠦ᠂ ᠨᠢᠭᠡ ᠪᠦᠯᠦᠭ ᠢ ᠠᠮᠢᠳᠤᠯᠢᠭ ᠪᠣᠯᠭᠠᠬᠤ᠂ ᠨᠢᠭᠡ ᠪᠦᠯᠦᠭ ᠢ ᠲᠣᠬᠢᠷᠠᠭᠤᠯᠬᠤ | ᠱᠠᠭᠠᠷᠳᠠᠯᠭ᠎ᠠ ᠶᠣᠰᠣᠭᠠᠷ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠲᠤᠭᠲᠠᠪᠤᠷᠢᠲᠠᠢ | ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠡᠪᠵᠢᠶᠡᠵᠢᠯᠲᠡ ᠲᠠᠬᠢᠨ ᠶᠠᠳᠠᠭᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠬᠤᠷᠠᠯ ᠠᠴᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠥᠩᠭᠡᠷᠡᠭᠰᠡᠨ | ᠵᠢᠯ ᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠣᠷᠣᠭᠤᠯᠤᠯᠲᠠ ᠶᠢᠨ ᠡᠵᠡᠩᠨᠡᠯᠲᠡ ᠶᠢᠨ ᠴᠢᠨᠠᠷᠲᠠᠢ ᠡᠳ᠋ | ᠬᠥᠷᠥᠩᠭᠡ ᠶᠢᠨ ᠡᠬᠡ ᠲᠠᠩᠰᠠ ᠶᠢ ᠲᠦᠷᠭᠡᠨ ᠡᠮᠬᠢᠯᠡᠵᠦ᠂ ︽ᠪᠡᠯᠡ ᠮᠦᠩᠭᠦ ᠡᠳ᠋ ᠬᠦᠷᠦᠩᠭᠡ ᠡᠳ᠋ ᠪᠠᠶᠠᠯᠢᠭ︾ ᠶᠢᠨ ᠠᠵᠢᠯ ᠲᠠᠢ ᠤᠶᠠᠯᠳᠤᠭᠤᠯᠵᠤ᠂ 2024 | ᠣᠨ ᠤ ᠰᠡᠭᠦᠯᠴᠢ ᠪᠣᠯᠲᠠᠯᠠᠬᠢ ᠠᠰᠢᠭ ᠣᠷᠣᠯᠭ᠎ᠠ ᠶᠢᠨ ᠪᠠᠶᠢᠳᠠᠯ᠂ ᠳᠠᠩᠰᠠᠨ ᠳᠤ ᠲᠡᠮᠳᠡᠭᠯᠡᠨ ᠣᠷᠣᠭᠤᠯᠤᠭᠰᠠᠨ ᠪᠠᠶᠢᠳᠠᠯ᠂ ᠳᠠᠩᠰᠠᠨ ᠳᠤ ᠣᠷᠣᠭᠤᠯᠤᠭᠰᠠᠨ ᠲᠦᠷᠦᠯ | ᠵᠦᠢᠯ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠡᠬᠡ ᠳᠠᠩᠰᠠ᠂ ᠮᠠᠯ ᠤᠨ ᠬᠥᠷᠥᠩᠭᠡ ᠶᠢᠨ ᠬᠤᠪᠢᠷᠠᠯᠲᠠ ᠶᠢᠨ ᠡᠬᠡ ᠳᠠᠩᠰᠠ ᠵᠡᠷᠭᠡ ᠮᠠᠲ᠋ᠧᠷᠢᠶᠠᠯ ᠢ ᠨᠠᠷᠢᠯᠢᠭ | ᠵᠠᠳᠠᠯᠵᠤ᠂ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠦᠯ ᠬᠤᠪᠢᠶᠠᠨ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭᠠᠯᠠᠪᠠᠯ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ | ᠬᠡᠷᠡᠭᠯᠡᠯᠲᠡ ᠬᠢᠨᠠᠯᠲᠠ ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 2022 | ᠣᠨ ᠠᠴᠠ 2024 ᠣᠨ ᠬᠦᠷᠲᠡᠯᠡᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠪᠠᠷ ᠲᠡᠳᠬᠦᠨ ᠳᠡᠮᠵᠢᠬᠦ ᠲᠥᠷᠥᠯ ᠵᠦᠢᠯ ᠢ ᠤᠷᠢᠳᠠᠪᠠᠷ | ᠡᠮᠬᠢᠯᠡᠨ ᠲᠣᠳᠣᠷᠬᠠᠶᠢᠯᠠᠬᠤ ᠶᠢᠨ ᠬᠠᠮᠲᠤ ᠡᠯ᠎ᠡ ᠰᠠᠯᠠᠭ᠎ᠠ ᠮᠥᠴᠢᠷ ᠠᠴᠠ ᠰᠤᠮᠤ ᠰᠢᠶᠠᠩ ᠪᠠᠯᠭᠠᠰᠤᠨ ᠳᠤ ᠬᠠᠷᠢᠭᠤ ᠲᠤᠰᠬᠠᠭᠰᠠᠨ ᠵᠢᠭᠰᠠᠭᠠᠨ ᠪᠠᠶᠢᠴᠠᠭᠠᠬᠤ ᠡᠬᠡ | ᠲᠠᠩᠰᠠ ᠶᠢ ᠤᠯᠠᠮ ᠨᠢᠭᠡ ᠠᠯᠬᠤᠮ ᠡᠮᠬᠢᠯᠡᠨ ᠲᠣᠳᠣᠷᠬᠠᠶᠢᠯᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠢᠳᠡᠪᠬᠢᠲᠡᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠨ᠎ᠠ᠃ | ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠣᠭᠤᠷᠢᠨ ᠪᠠᠶᠢᠴᠠᠭᠠᠬᠤ ᠳᠠᠭᠠᠨ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ | ᠢᠯᠡᠷᠡᠭᠦᠯᠦᠭᠰᠡᠨ 33 ᠲᠣᠪᠣᠶᠢᠮ᠎ᠠ ᠠᠰᠠᠭᠤᠳᠠᠯ ᠢ ᠡᠮᠬᠢᠯᠡᠨ ᠳᠢᠭᠯᠡᠬᠦ ᠪᠠᠷ ᠰᠠᠭᠤᠷᠢ ᠪᠣᠯᠭᠠᠵᠤ᠂ ᠤᠯᠠᠮ ᠨᠢᠭᠡ ᠠᠯᠬᠤᠮ ᠲᠥᠷᠥᠯ ᠬᠤᠪᠢᠶᠠᠨ ᠠᠬᠢᠭᠤᠯᠵᠤ᠂ | ᠴᠡᠭᠴᠡᠯᠡᠨ ᠰᠠᠶᠢᠵᠢᠷᠠᠭᠤᠯᠬᠤ ᠠᠬᠢᠴᠠ ᠶᠢ ᠠᠬᠢᠭᠤᠯᠤᠨ᠂ ᠭᠡᠷᠡᠴᠢᠯᠡᠬᠦ ᠮᠠᠲ᠋ᠧᠷᠢᠶᠠᠯ ᠢ ᠴᠠᠭ ᠲᠤᠬᠠᠢ ᠳᠤᠨᠢ ᠬᠠᠩᠭᠠᠬᠤ ᠬᠡᠷᠡᠭᠲᠡᠢ᠃ ᠲᠤᠰ ᠤᠳᠠᠭ᠎ᠠ ᠶᠢᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠬᠦ ᠲᠠᠯ᠎ᠠ ᠪᠠᠷ | ᠰᠢᠢᠳᠪᠦᠷᠢᠯᠡᠬᠦ ᠶᠢᠨ ᠬᠠᠮᠲᠤ ᠳᠦᠷᠢᠮ ᠲᠣᠭᠲᠠᠭᠠᠯ ᠲᠣᠭᠲᠠᠭᠠᠵᠤ᠂ ᠡᠶᠢᠮᠦᠷᠬᠦ ᠠᠰᠠᠭᠤᠳᠠᠯ ᠲᠠᠬᠢᠨ ᠡᠭᠦᠰᠬᠦ ᠠᠴᠠ ᠰᠡᠷᠭᠡᠶᠢᠯᠡᠨ᠎ᠡ᠃ | ᠡᠭᠦᠨ ᠠᠴᠠ ᠭᠠᠳᠠᠨ᠎ᠠ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠤᠨ ᠠᠵᠠ ᠲᠣᠬᠢᠶᠠᠯ ᠢ ᠠᠰᠢᠭᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠶᠢ | ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ ᠡᠮᠬᠢᠯᠡᠵᠦ᠂ 2020 ᠣᠨ ᠠᠴᠠ 2025 ᠣᠨ ᠪᠣᠯᠲᠠᠯᠠᠬᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠲᠣᠳᠣᠷᠬᠠᠢ ᠪᠠᠶᠢᠯᠭᠠᠬᠤ ᠶᠢ ᠪᠠᠲᠤᠯᠠᠵᠤ᠂ ᠥᠪᠡᠰᠦᠪᠡᠨ | ᠪᠠᠶᠢᠴᠠᠭᠠᠵᠤ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ᠬᠠᠮᠤᠭ ᠤᠨ ᠰᠡᠭᠦᠯ ᠳᠤ᠂ ᠳᠡᠭᠡᠷ᠎ᠡ ᠳᠤᠷᠠᠳᠤᠭᠰᠠᠨ ᠳᠥᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ ᠬᠠᠮᠢᠶ᠎ᠠ ᠪᠦᠬᠦᠢ ᠡᠬᠡ ᠲᠠᠩᠰᠠ ᠶᠢ ᠡᠮᠬᠢᠯᠡᠨ ᠲᠠᠭᠯᠠᠵᠤ ᠮᠡᠳᠡᠭᠦᠯᠬᠦ ᠲᠠᠯ᠎ᠠ ᠪᠠᠷ ᠨᠠᠷᠢᠨ ᠨᠢᠮᠪᠠᠢ ᠪᠣᠯᠪᠠᠰᠤᠷᠠᠭᠤᠯᠤᠯ ᠬᠢᠵᠦ᠂ | ᠡᠮᠬᠢᠯᠡᠨ ᠳᠢᠭᠯᠡᠵᠦ ᠵᠢᠭᠰᠠᠭᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠨᠡ ᠲᠦᠷᠪᠡᠨ ᠵᠦᠢᠯ ᠤᠨ ᠭᠤᠣᠯᠳᠠᠯᠭ᠎ᠠ ᠲᠠᠢ | ᠠᠵᠢᠯ ᠪᠣᠯ ᠠᠳᠠᠯᠢ ᠨᠢᠭᠡᠨ ᠰᠢᠰᠲ᠋ᠧᠮ ᠤᠨ ᠠᠳᠠᠯᠢ ᠪᠤᠰᠤ ᠨᠠᠷᠢᠨ ᠬᠤᠪᠢᠶᠠᠷᠢᠯᠠᠯ ᠤᠨ ᠬᠦᠷᠢᠶ᠎ᠡ ᠴᠠᠷ᠎ᠠ ᠲᠠᠢ ᠪᠦᠭᠡᠳᠡᠯ᠎ᠡ ᠬᠦᠷᠢᠶ᠎ᠡ ᠴᠠᠷ᠎ᠠ ᠬᠤᠭᠤᠷᠤᠨᠳᠤ ᠪᠠᠨ | ᠬᠠᠷᠢᠯᠴᠠᠨ ᠬᠤᠯᠪᠣᠯᠳᠤᠵᠤ᠂ ᠬᠠᠷᠢᠯᠴᠠᠨ ᠨᠥᠬᠦᠴᠡᠯᠳᠦᠵᠦ ᠪᠠᠶᠢᠳᠠᠭ ᠪᠣᠯᠬᠤᠷ ᠪᠦᠬᠦ ᠲᠠᠯ᠎ᠠ ᠶᠢᠨ ᠰᠡᠳᠬᠢᠬᠦᠢ᠂ ᠰᠢᠰᠲ᠋ᠧᠮᠲᠦ ᠰᠡᠳᠬᠢᠬᠦᠢ ᠪᠠᠷ ᠨᠢᠭᠡᠳᠦᠯᠲᠡᠢ | ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠡᠯᠡ ᠮᠥᠩᠭᠦ᠂ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠤᠮᠳᠠ ᠣᠷᠣᠰᠢᠵᠤ | ᠪᠠᠶᠢᠭ᠎ᠠ ᠲᠣᠪᠣᠶᠢᠮ᠎ᠠ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ᠃ | | | | | | |