ᠦᠰᠦᠭᠲᠦ ᠲᠠᠶᠢᠯᠤᠮᠵᠢ᠄ ᠵᠠᠬ᠎ᠠ ᠳᠡᠯᠭᠡᠭᠦᠷ ᠤᠨ ᠭᠤᠤᠯ ᠴᠣᠭᠴᠠ ᠠᠴᠠ ᠺᠠᠳ᠋ᠷ ᠲᠤ ᠬᠠᠨᠤᠮᠵᠢᠳᠠᠢ ᠪᠠᠶᠢᠬᠤ ᠡᠰᠡᠬᠦ ᠶᠢ ︽ᠳᠠᠯᠳᠠᠭᠤᠷ︾ ᠰᠠᠨᠠᠯ ᠬᠤᠷᠢᠶᠠᠬᠤ ᠠᠵᠢᠯ ᠤᠨ ᠲᠥᠰᠦᠯ
ᠨᠡᠶᠢᠲᠡᠯᠡᠭᠰᠡᠨ ᠴᠠᠭ᠄
2025/3/18
     ᠺᠠᠳ᠋ᠷᠴᠤᠳ ᠤᠨ ᠠᠵᠢᠯ ᠤᠨ ᠰᠤᠷᠲᠠᠯ ᠢ ᠴᠢᠩᠭᠠᠳᠬᠠᠵᠤ᠂ ᠮᠠᠨ ᠤ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠠᠯᠬᠤᠮ ᠴᠢᠨᠠᠭᠰᠢᠳᠠ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠰᠡᠳᠦᠪᠲᠦ ᠬᠠᠨᠤᠮᠵᠢ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠤᠰᠠᠳᠠ᠂ ᠪᠥᠬᠦ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠠᠯᠬᠤᠮ ᠴᠢᠨᠠᠭᠰᠢᠳᠠ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ᠬᠤᠷᠠᠯᠳᠤᠭᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃     ᠨᠢᠭᠡ᠂ ᠠᠵᠢᠯ ᠤᠨ ᠵᠣᠷᠢᠯᠭ᠎ᠠ     ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠨᠢᠭᠲᠠ ᠬᠠᠷᠢᠯᠴᠠᠭ᠎ᠠ ᠲᠠᠢ ᠺᠠᠳ᠋ᠷ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠴᠤᠭᠯᠠᠭᠤᠯᠬᠤ ᠪᠠᠷ ᠳᠠᠮᠵᠢᠭᠤᠯᠤᠨ ᠂ ︽ᠵᠠᠩᠭᠢᠯᠠᠭ᠎ᠠ ᠶᠢᠨ ᠴᠥᠭᠡᠨ ᠲᠤᠭᠠᠲᠠᠨ︾ ᠺᠠᠳ᠋ᠷ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠠᠯ᠎ᠠ ᠪᠠᠷ ᠬᠢ ᠠᠵᠢᠯ ᠤᠨ ᠪᠠᠶᠢᠳᠠᠯ ᠢ ᠡᠵᠡᠮᠰᠢᠬᠦ ᠶᠢᠨ ᠬᠠᠮᠲᠤ ᠬᠠᠨᠳᠤᠯᠭᠠᠲᠤ ᠴᠢᠨᠠᠷᠲᠠᠶ ᠪᠠᠷ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠴᠡᠭ ᠢᠶᠠᠷ ᠲᠠᠯ᠎ᠠ ᠶᠢ ᠳᠠᠶᠢᠴᠢᠯᠠᠨ ᠪᠥᠬᠦ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠬᠤᠶᠠᠷ᠂ ᠦᠨᠡᠯᠡᠭᠳᠡᠬᠦ ᠡᠲᠡᠭᠡᠳ     ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠲᠤᠬᠠᠶᠢᠯᠠᠭᠰᠠᠨ ᠠᠵᠢᠯ ᠤᠨ ᠶᠠᠪᠤᠯᠴᠠᠭ᠎ᠠ ᠲᠠᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠠᠯᠠᠭᠠᠨ ᠲᠡᠰ ᠤᠨ ᠺᠠᠳ᠋ᠷ᠃     ᠭᠤᠷᠪᠠ᠂ ᠦᠨᠡᠯᠡᠬᠦ ᠴᠠᠭ     ᠵᠢᠯ ᠪᠦᠷᠢ ᠶᠢᠨ 5 ᠰᠠᠷ᠎ᠠ᠂ 11 ᠰᠠᠷ᠎ᠠ ᠳᠤ ᠲᠤᠰ ᠲᠤᠰ 2 ᠤᠳᠠᠭ᠎ᠠ ᠥᠷᠨᠢᠭᠦᠯᠦᠨ᠎ᠡ᠃ ᠳᠥᠷᠪᠡ᠂ ᠰᠠᠨᠠᠯ ᠬᠤᠷᠢᠶᠠᠬᠤ ᠡᠲᠡᠭᠡᠳ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠪᠠᠨ ᠬᠡᠷᠡᠭᠵᠢᠭᠦᠯᠬᠦ ᠨᠢ ᠬᠠᠷᠢᠴᠠᠩᠭᠤᠶ ᠥᠨᠳᠥᠷ ᠳᠠᠪᠲᠠᠮᠵᠢ ᠲᠠᠢ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ᠎ᠠ᠃     ᠲᠠᠪᠤ᠂ ᠰᠠᠨᠠᠯ ᠬᠤᠷᠢᠶᠠᠬᠤ ᠠᠭᠤᠯᠭ᠎ᠠ     ᠭᠤᠤᠯᠳᠠᠭᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠴᠢᠷ ᠶᠠᠪᠤᠳᠠᠯ ᠭᠦᠢᠴᠡᠳᠬᠡᠬᠦ ᠳᠤ ᠶᠡᠷᠦᠩᠬᠡᠶ ᠳᠡᠭᠡᠨ ᠬᠠᠨᠤᠮᠵᠢ ᠲᠠᠢ ᠪᠠᠶᠢᠬᠤ ᠡᠰᠡᠬᠦ ᠳᠤ ᠬᠤᠯᠪᠤᠭᠳᠠᠨ᠎ᠠ᠂ ᠺᠠᠳ᠋ᠷ ᠬᠢᠭᠡᠳ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠷᠢᠯᠴᠠᠬᠤ ᠶᠠᠪᠤᠴᠠ ᠳᠠᠬᠢ ᠦᠢᠯᠡᠴᠢᠯᠡᠭᠡᠨ ᠤ ᠣᠪᠣᠷ᠂ ᠠᠵᠢᠯ ᠤᠨ ᠦᠷ᠎ᠡ ᠪᠦᠲᠦᠮᠵᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠵᠢᠴᠢ ᠨᠣᠶᠠᠨᠴᠢ ᠰᠤᠷᠲᠠᠯ᠂ ᠠᠯᠪᠠᠨ ᠰᠤᠷᠲᠠᠯ ᠣᠷᠣᠰᠢᠵᠤ ᠪᠠᠶᠢᠬᠤ ᠡᠰᠡᠬᠦ᠂ ᠤᠴᠢᠷ ᠶᠠᠪᠤᠳᠠᠯ ᠭᠦᠢᠴᠡᠳᠬᠡᠬᠦ ᠳᠤ ᠤᠳᠠᠭᠠᠰᠢᠷᠠᠭᠤᠯᠬᠤ᠂ ᠬᠠᠷᠢᠯᠴᠠᠨ ᠲᠦᠯᠬᠢᠯᠴᠡᠬᠦ᠂ ᠨᠠᠵᠠᠭᠠᠶ ᠪᠠᠷ ᠠᠯᠪᠠ ᠬᠠᠰᠢᠬᠤ᠂ ᠢᠳᠡᠬᠦ ᠠᠪᠬᠤ ᠭᠠᠴᠢᠬᠤ ᠨᠡᠬᠡᠬᠦ ᠵᠡᠷᠭᠡ ᠡᠯ᠎ᠡ ᠲᠥᠷᠥᠯ ᠤᠨ ᠨᠠᠵᠠᠭᠠᠶ ᠦᠵᠡᠭᠳᠡᠯ ᠣᠷᠣᠰᠢᠵᠤ ᠪᠠᠶᠢᠬᠤ ᠡᠰᠡᠬᠦ ᠲᠠᠢ ᠬᠤᠯᠪᠣᠭᠳᠠᠨ᠎ᠠ᠃     ᠵᠢᠷᠭᠤᠭ᠎ᠠ᠂ ᠠᠵᠢᠯ ᠤᠨ ᠴᠤᠪᠤᠷᠠᠯ     ᠺᠠᠳ᠋ᠷ ᠤᠨ ᠨᠡᠷᠡᠰ ᠢ ᠵᠢᠭᠰᠠᠭᠠᠨ ᠪᠠᠶᠢᠴᠠᠭᠠᠬᠤ → ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠮᠥᠷᠭᠡ ᠶᠢ ᠵᠤᠬᠢᠴᠠᠭᠤᠯᠤᠨ ᠡᠮᠬᠢᠯᠡᠬᠦ → ᠵᠠᠬ᠎ᠠ ᠳᠡᠯᠭᠡᠭᠦᠷ ᠤᠨ ᠭᠤᠤᠯ ᠴᠣᠭᠴᠠ ᠠᠴᠠ ᠰᠠᠨᠠᠯ ᠬᠤᠷᠢᠶᠠᠬᠤ → ᠬᠠᠷᠢᠭᠤ ᠲᠤᠰᠬᠠᠬᠤ᠂ ᠬᠤᠷᠢᠶᠠᠭᠰᠠᠨ ᠰᠠᠨᠠᠯ ᠢ ᠪᠦᠷᠢᠳᠬᠡᠬᠦ → ᠨᠠᠵᠠᠭᠠᠶ ᠲᠠᠯ᠎ᠠ ᠶᠢᠨ ᠦᠨᠡᠯᠡᠯᠲᠡ ᠬᠢᠭᠰᠡᠨ ᠰᠠᠨᠠᠯ ᠢ ᠪᠠᠶᠢᠴᠠᠭᠠᠨ ᠬᠠᠷᠭᠤᠭᠤᠯᠬᠤ᠃     ᠳᠣᠯᠤᠭ᠎ᠠ᠂ ᠦᠷ᠎ᠡ ᠳ᠋ᠦᠩ ᠤᠨ ᠬᠡᠷᠡᠭᠯᠡᠯᠲᠡ     ᠰᠠᠨᠠᠯ ᠬᠤᠷᠢᠶᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠪᠣᠶ ᠪᠣᠯᠤᠭᠰᠠᠨ ᠦᠨᠡᠯᠡᠯᠲᠡ ᠶᠢᠨ ᠦᠷ᠎ᠡ ᠳ᠋ᠦᠩ ᠢ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠬᠢ ᠶᠣᠰᠣᠭᠠᠷ ᠲᠣᠰ ᠲᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠨ ᠪᠠᠶᠢᠴᠠᠭᠠᠬᠤ ᠠᠯᠪᠠᠨ ᠬᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠨᠢᠭᠡᠴᠢ ᠳᠤ ᠬᠠᠷᠢᠭᠤ ᠲᠤᠰᠬᠠᠨ᠎ᠠ᠂ ᠰᠠᠯᠠᠭᠠᠨ ᠲᠠᠰ ᠤᠨ ᠺᠠᠳ᠋ᠷ ᠤᠨ ᠦᠨᠡᠯᠡᠯᠲᠡ ᠶᠢᠨ ᠦᠷ᠎ᠡ ᠳ᠋ᠦᠩ ᠢ ᠡᠭᠦᠨ ᠤ ᠬᠠᠮᠲᠤ ᠪᠠᠶᠢᠭ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠳᠤ ᠬᠠᠷᠢᠭᠤ ᠲᠤᠰᠬᠠᠨ᠎ᠠ᠃     ᠨᠠᠢᠮᠠ᠂ ᠬᠠᠮᠢᠶ᠎ᠠ ᠪᠦᠬᠦᠢ ᠱᠠᠭᠠᠷᠳᠠᠯᠭ᠎ᠠ     ᠡᠯ᠎ᠡ ᠬᠤᠰᠢᠭᠤ ᠬᠤᠲᠠ ᠲᠣᠭᠤᠷᠢᠭ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠤᠲᠠ ᠶᠢᠨ ᠲᠣᠰ ᠱᠠᠲᠤᠨ ᠤ ᠲᠥᠰᠦᠯ ᠲᠠᠢ ᠬᠠᠷᠢᠴᠠᠭᠤᠯᠤᠨ ᠬᠡᠷᠡᠭᠵᠢᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ