3 ᠰᠠᠷ᠎ᠠ ᠶᠢᠨ 10 ᠤ ᠦᠳᠡ ᠶᠢᠨ ᠬᠤᠶᠢᠨ᠎ᠠ ᠪᠠ 11 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ | ᠭᠠᠵᠠᠷ ᠲᠠᠭᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠢᠵᠦ᠂ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢᠨ ᠲᠥᠰᠥᠯ ᠢ ᠬᠢᠨᠠᠨ | ᠵᠥᠪᠯᠡᠪᠡ᠃ | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ᠂ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠢᠨᠠᠨ ᠵᠥᠪᠯᠡᠬᠦ ᠳᠤ ᠣᠷᠣᠯᠴᠠᠵᠤ᠂ | ᠯᠢᠦ ᠱᠤᠸᠠᠩ᠂ ᠢᠦᠢ ᠯᠢ ᠰᠢᠨ᠂ ᠵᠠᠩ ᠱᠤᠤ ᠴᠦᠨ᠂ ᠵᠧᠩ ᠬᠤᠩ ᠹᠠᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ | ᠶᠡᠭᠡ ᠬᠤᠷᠠᠯ ᠤᠨ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ | ᠰᠠᠨᠠᠯ ᠢ ᠰᠣᠨᠣᠰᠴᠠᠢ᠃ | ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢᠨ ᠲᠥᠰᠥᠯ᠂ 2024 ᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ ᠶᠢᠨ ᠲᠥᠰᠥᠯ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ | ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠤᠬᠠᠢ ᠰᠢᠢᠳᠪᠦᠷᠢ ᠶᠢᠨ ᠲᠥᠰᠥᠯ᠂ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ᠂ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ ᠢ ᠬᠢᠨᠠᠨ ᠵᠥᠪᠯᠡᠪᠡ᠃ | ᠬᠤᠷᠠᠯ ᠠᠴᠠ ᠶᠡᠭᠡ ᠬᠤᠷᠠᠯ ᠤᠨ ᠬᠤᠭᠤᠴᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠴᠢᠩᠭ᠎ᠠ | ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠷ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠪᠣᠯᠣᠨ ᠲᠥᠯᠥᠭᠡᠯᠡᠭᠴᠢ ᠶᠢᠨ ᠬᠠᠤᠯᠢ ᠶᠢᠨ ᠲᠥᠰᠥᠯ ᠢ | ᠨᠠᠷᠢᠨ ᠬᠢᠨᠠᠮᠠᠭᠠᠢ ᠬᠢᠨᠠᠨ ᠵᠥᠪᠯᠡᠵᠦ᠂ ᠠᠷᠠᠳ ᠤᠯᠠᠨ ᠪᠣᠯᠣᠨ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠰᠡᠳᠬᠢᠯ ᠤᠨ ᠲᠠᠭᠤᠨ ᠬᠦᠰᠡᠯ ᠡᠷᠡᠮᠡᠯᠵᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠪᠤᠳᠤᠵᠤ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ ᠰᠠᠨᠠᠯ ᠢᠶᠠᠨ ᠢᠯᠡᠳᠬᠡᠨ᠂ ᠲᠦᠷᠦ ᠶᠢᠨ ᠪᠠᠶᠢᠭᠤᠯᠭ᠎ᠠ ᠶᠢᠨ ᠠᠵᠢᠯ ᠢ ᠦᠨᠡᠨ | ᠪᠣᠳᠠᠲᠠᠢ ᠦᠨᠡᠯᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ ᠪᠠᠷ ᠪᠣᠳᠠᠲᠠᠢ ᠠᠷᠭ᠎ᠠ ᠭᠠᠷᠭᠠᠵᠤ᠂ ᠰᠠᠶᠢᠨ ᠠᠷᠭ᠎ᠠ ᠪᠣᠳᠣᠯᠭ᠎ᠠ | ᠳᠤᠷᠠᠳᠪᠠ᠃ ᠲᠥᠯᠥᠭᠡᠯᠡᠭᠴᠢᠳ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠨᠢᠭᠡ ᠰᠡᠳᠬᠢᠯ ᠨᠢᠭᠡ ᠵᠣᠷᠢᠭ ᠢᠶᠠᠷ | ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ | ᠲᠦᠷᠦ ᠶᠢᠨ ᠡᠭᠦᠷᠭᠡ ᠪᠣᠯᠣᠨ᠎ᠠ᠃ ᠲᠥᠯᠥᠭᠡᠯᠡᠭᠴᠢᠳ ᠨᠠᠮ ᠪᠠ ᠤᠯᠤᠰ ᠤᠨ ᠠᠷᠠᠳ ᠣᠯᠠᠨ ᠲᠠᠢ ᠬᠠᠷᠢᠯᠴᠠᠬᠤ ᠬᠥᠭᠦᠷᠭᠡ ᠪᠣᠯᠵᠤ᠂ ᠪᠥᠬᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠨ ᠲᠤᠭᠤᠰᠢᠯᠠᠭᠤᠯᠵᠤ᠂ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ᠬᠡᠬᠦᠳᠡᠭ ᠳᠦᠭᠦᠷᠡᠩ ᠤᠯᠤᠰ | ᠲᠥᠷᠥ ᠶᠢᠨ ᠬᠠᠯᠠᠭᠤᠨ ᠰᠡᠳᠬᠢᠯᠭᠡ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | |