ᠾᠧ ᠬᠠᠢ ᠳ᠋ᠦᠩ ᠲᠥᠯᠥᠭᠡᠯᠡᠭᠴᠢ᠄ ᠪᠣᠳᠣᠯᠲᠠ ᠶᠢᠨ ᠬᠦᠴᠦᠨ ᠤ ᠲᠣᠭᠠᠴᠠᠭ᠎ᠠ ᠶᠢ ᠲᠤᠭ᠎ᠠ ᠪᠦᠷᠢᠳᠬᠡᠯ ᠳᠤ ᠤᠷᠤᠭᠤᠯᠬᠤ ᠶᠢ ᠲᠡᠭᠦᠯᠳᠡᠷᠵᠢᠭᠦᠯᠵᠦ ᠠᠵᠤ  ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/19
         ︽ᠲᠤᠬᠠᠢ ᠶᠢᠨ ᠲᠠᠯᠠᠪᠠᠶ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠰᠠᠨ ᠤ ᠳᠠᠷᠠᠭ᠎ᠠ᠂ ᠪᠢ ᠲᠤᠶᠢᠯ ᠢᠶᠠᠷ ᠤᠷᠮᠠᠰᠢᠨ ᠵᠣᠷᠢᠭᠵᠢᠵᠤ᠂  ᠮᠥᠷᠥᠨ ᠳᠤ ᠲᠠᠯᠪᠢᠭᠳᠠᠵᠤ ᠪᠠᠶᠢᠬᠤ ᠡᠭᠦᠷᠭᠡ ᠬᠠᠷᠢᠭᠤᠴᠠᠯᠭ᠎ᠠ ᠪᠠᠨ ᠴᠤ ᠭᠦᠨ ᠤᠬᠠᠭᠠᠷᠠᠪᠠ᠃ ᠢᠯᠡᠳᠬᠡᠯ ᠳᠤ ︿ᠪᠦᠬᠦ ᠤᠯᠤᠰ ᠤᠨ ᠪᠣᠳᠣᠯᠲᠠ ᠶᠢᠨ ᠬᠦᠴᠦᠨ ᠤ  ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ﹀ ᠭᠡᠵᠦ ᠳᠤᠷᠠᠳᠤᠭᠰᠠᠨ ᠨᠢ ᠬᠥᠬᠡᠬᠤᠲᠠ ᠳᠤ ᠠᠪᠴᠤ ᠬᠡᠯᠡᠪᠡᠯ ᠰᠢᠨ᠎ᠡ ᠬᠥᠭᠵᠢᠯᠲᠡ ᠶᠢᠨ ᠠᠵᠠ  ᠲᠣᠬᠢᠶᠠᠯ ᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ᠬᠥᠬᠡᠬᠤᠲᠠ ᠳᠤ ᠪᠣᠬᠢᠷᠲᠤᠯ ᠦᠭᠡᠢ ᠪᠣᠳᠣᠯᠲᠠ ᠶᠢᠨ  ᠬᠦᠴᠦᠨ ᠵᠢᠴᠢ ᠵᠣᠬᠢᠶᠠᠮᠠᠯ ᠤᠶᠤᠨ ᠴᠢᠳᠠᠪᠤᠷᠢ ᠶᠢ ᠬᠥᠭᠵᠢᠭᠦᠯᠬᠦ ᠨᠥᠬᠦᠴᠡᠯ ᠲᠠᠢ᠂ ᠰᠠᠭᠤᠷᠢ ᠲᠠᠢ᠂ ᠳᠠᠪᠠᠭᠤᠯᠢᠭ ᠲᠠᠢ ᠶᠤᠮ᠂ ᠪᠢᠳᠡ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠣᠬᠢᠷᠲᠤᠯ ᠦᠭᠡᠢ ᠪᠣᠳᠣᠯᠲᠠ ᠶᠢᠨ ᠬᠦᠴᠦᠨ᠂ ᠵᠣᠬᠢᠶᠠᠮᠠᠯ ᠤᠶᠤᠨ ᠴᠢᠳᠠᠪᠤᠷᠢ ᠪᠠᠷ ᠲᠤᠯᠭᠠᠭᠤᠷᠢᠯᠠᠯ ᠪᠣᠯᠭᠠᠭᠰᠠᠨ ᠰᠢᠨ᠎ᠡ  ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠢ ᠪᠦᠬᠦ ᠬᠦᠴᠦ ᠪᠠᠷ ᠢᠶᠠᠨ ᠠᠬᠢᠭᠤᠯᠵᠤ᠂ ᠪᠣᠬᠢᠷᠲᠤᠯ ᠦᠭᠡᠢ ᠪᠣᠳᠣᠯᠲᠠ ᠶᠢᠨ  ᠬᠦᠴᠦᠨ ᠪᠣᠯᠣᠨ ᠵᠣᠬᠢᠶᠠᠮᠠᠯ ᠤᠶᠤᠨ ᠴᠢᠳᠠᠪᠤᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ︾ ᠭᠡᠵᠦ ᠪᠦᠬᠦ ᠤᠯᠤᠰ ᠤᠨ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ  ᠬᠠᠢ ᠳ᠋ᠦᠩ ᠬᠡᠯᠡᠪᠡ᠃        2024 ᠣᠨ ᠳᠤ᠂ ᠬᠥᠬᠡᠬᠤᠲᠠ ᠶᠢᠨ ᠪᠣᠳᠣᠯᠲᠠ ᠶᠢᠨ ᠬᠦᠴᠦᠨ ᠤ ᠬᠡᠪᠴᠢᠶ᠎ᠡ 4.4 ᠲᠦᠮᠡᠨ P ᠳᠤ ᠬᠦᠷᠪᠠ᠂ ᠡᠭᠦᠨ ᠳᠤ ᠣᠶᠤᠨᠲᠤ ᠪᠣᠳᠣᠯᠲᠠ 4.2  ᠲᠦᠮᠡᠨ P ᠪᠠᠶᠢᠵᠤ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ︔ ᠳᠤᠮᠳᠠᠳᠤ ᠤᠯᠤᠰ ᠤᠨ ︽ᠪᠣᠳᠣᠯᠲᠠ ᠶᠢᠨ ᠠᠵᠤ ᠦᠢᠯᠡᠰ︾᠎ ᠤᠨ ᠪᠦᠯᠦᠭᠵᠢᠯ ᠤᠨ  ᠬᠤᠰᠢᠭᠤᠴᠢ᠂ ︽ᠪᠣᠬᠢᠷᠲᠤᠯ ᠦᠭᠡᠢ ᠪᠣᠳᠣᠯᠲᠠ ᠶᠢᠨ ᠬᠦᠴᠦᠨ︾᠎ ᠤ ᠬᠥᠭᠵᠢᠯᠲᠡ ᠶᠢᠨ ᠬᠤᠰᠢᠭᠤᠴᠢ ᠵᠡᠷᠭᠡ 2 ᠵᠦᠢᠯ ᠤᠨ ᠢᠷᠠᠭᠤ ᠠᠯᠳᠠᠷ ᠢ ᠬᠦᠷᠲᠡᠵᠦ᠂  2024 ᠣᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠪᠣᠳᠣᠯᠲᠠ ᠶᠢᠨ ᠬᠦᠴᠦᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ ︽ᠳᠤᠮᠳᠠᠳᠤ ᠤᠯᠤᠰ ᠤᠨ  ᠡᠭᠦᠯᠡᠨ ᠬᠥᠨᠳᠡᠢ︾ ᠴᠣᠯᠠ ᠬᠦᠷᠲᠡᠵᠦ᠂ ᠲᠣᠭᠠᠴᠢᠯᠠᠭᠰᠠᠨ ᠠᠵᠤ ᠠᠬᠤᠢ ᠶᠢᠨ ᠦᠳᠲᠡᠷ ᠲᠦᠷᠭᠡᠨ ᠬᠥᠭᠵᠢᠯᠲᠡ ᠶᠢᠨ ᠤᠷᠤᠰᠬᠠᠯ ᠳᠤᠮᠳᠠ᠂ ᠪᠣᠳᠣᠯᠲᠠ ᠶᠢᠨ  ᠬᠦᠴᠦᠨ ᠤ ᠠᠵᠤ ᠦᠢᠯᠡᠰ ᠨᠢ ᠨᠢᠭᠡᠨᠲᠡ ᠠᠵᠤ ᠠᠬᠤᠢ ᠶᠢᠨ ᠨᠡᠮᠡᠭᠳᠡᠯ ᠪᠣᠯᠣᠨ ᠰᠢᠨ᠎ᠡ ᠶᠢ ᠡᠭᠦᠳᠬᠦ ᠵᠠᠩᠭᠢᠯᠠᠭ᠎ᠠ ᠶᠢᠨ ᠬᠥᠳᠡᠯᠭᠡᠭᠦᠷ ᠪᠣᠯᠵᠠᠢ᠃        ᠾᠧ ᠬᠠᠢ ᠳ᠋ᠦᠩ ᠪᠠᠶᠢᠴᠠᠭᠠᠨ ᠰᠤᠳᠤᠯᠤᠯᠲᠠ ᠬᠢᠬᠦ ᠳᠤᠮᠳᠠ ᠪᠠᠨ᠂ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠡᠪᠴᠢᠶ᠎ᠡ ᠶᠢᠨ ᠲᠠᠰᠤᠷᠠᠯᠳᠠ ᠦᠭᠡᠢ  ᠥᠷᠭᠡᠳᠬᠦ ᠶᠢ ᠳᠠᠭᠠᠯᠳᠤᠨ᠂ ᠠᠵᠢᠯ ᠲᠦᠷᠦᠯ ᠤᠨ ᠡᠵᠡᠩᠨᠡᠯᠲᠡ ᠡᠳᠦᠷ ᠢᠷᠡᠬᠦᠶ᠎ᠡ ᠨᠠᠷᠢᠨ ᠬᠤᠪᠢᠶᠠᠭᠳᠠᠵᠤ᠂ ᠤᠯᠠᠮᠵᠢᠯᠠᠯᠲᠤ ᠲᠤᠭ᠎ᠠ ᠪᠦᠷᠢᠳᠬᠡᠯ ᠤᠨ  ᠪᠠᠶᠢᠴᠠᠭᠠᠯᠲᠠ ᠶᠢᠨ ᠳᠦᠷᠢᠮ᠂ ᠲᠦᠷᠦᠯ ᠬᠤᠪᠢᠶᠠᠬᠤ ᠪᠠᠷᠢᠮᠵᠢᠶ᠎ᠠ ᠨᠢ ᠨᠢᠭᠡᠨᠲᠡ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠣᠯᠵᠤ᠂  ᠪᠦᠷᠢᠳᠬᠡᠯ ᠤᠨ ᠡᠯᠧᠮᠧᠨ᠋ᠲ ᠪᠦᠷᠢᠨ ᠪᠤᠰᠤ᠂ ᠪᠣᠳᠣᠯᠲᠠ ᠶᠢᠨ ᠬᠦᠴᠦᠨ ᠤ ᠠᠵᠢᠯ ᠲᠦᠷᠦᠯ ᠤᠨ ᠦᠷ᠎ᠡ ᠪᠦᠲᠦᠭᠡᠯ ᠢ ᠣᠷᠣᠨ ᠨᠤᠲᠤᠭ ᠤᠨ ᠲᠤᠭ᠎ᠠ ᠪᠦᠷᠢᠳᠬᠡᠯ ᠳᠤ  ᠣᠷᠣᠭᠤᠯᠵᠤ ᠳᠡᠶᠢᠯᠬᠦ ᠦᠭᠡᠢ ᠵᠡᠷᠭᠡ ᠠᠰᠠᠭᠤᠳᠠᠯ ᠣᠷᠣᠰᠢᠵᠤ᠂ ᠪᠣᠳᠣᠯᠲᠠ ᠶᠢᠨ ᠬᠦᠴᠦᠨ ᠤ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ  ᠲᠤᠰᠬᠠᠬᠤ ᠶᠢᠨ ᠠᠷᠭ᠎ᠠ ᠦᠭᠡᠢ ᠮᠥᠷᠲᠡᠭᠡᠨ ᠭᠠᠵᠠᠷ ᠣᠷᠣᠨ ᠤ ᠪᠣᠳᠣᠯᠲᠠ ᠶᠢᠨ ᠬᠦᠴᠦᠨ ᠤ ᠬᠥᠭᠵᠢᠯᠲᠡ ᠶᠢᠨ ᠪᠠᠶᠢᠳᠠᠯ ᠢ ᠴᠤ ᠪᠦᠬᠦ ᠲᠠᠯ᠎ᠠ ᠪᠠᠷ ᠲᠤᠰᠬᠠᠬᠤ ᠶᠢᠨ  ᠠᠷᠭ᠎ᠠ ᠦᠭᠡᠢ ᠪᠠᠶᠢᠭ᠎ᠠ ᠶᠢ ᠣᠯᠵᠤ ᠮᠡᠳᠡᠵᠡᠢ᠃        ᠲᠣᠮᠣ ᠳ᠋ᠠᠶᠢᠲ᠋ᠠ ᠶᠢᠨ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠲᠣᠭᠠᠴᠠᠭ᠎ᠠ ᠶᠢ ᠲᠤᠭ᠎ᠠ ᠪᠦᠷᠢᠳᠬᠡᠯ ᠳᠤ ᠤᠷᠤᠭᠤᠯᠬᠤ ᠶᠢ ᠬᠡᠷᠬᠢᠨ  ᠲᠡᠭᠦᠯᠳᠡᠷᠵᠢᠭᠦᠯᠬᠦ ᠲᠤᠬᠠᠢ ᠾᠧ ᠬᠠᠢ ᠳ᠋ᠦᠩ ᠥᠪᠡᠷ ᠤᠨ ᠰᠠᠨᠠᠭᠤᠯᠭ᠎ᠠ ᠪᠠᠨ ᠳᠤᠷᠠᠳᠪᠠ᠃ ᠨᠢᠭᠡ ᠲᠠᠯ᠎ᠠ ᠪᠠᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ  ᠲᠦᠷᠦᠭᠦᠯᠡᠨ᠂ ᠠᠵᠢᠯ ᠲᠥᠷᠥᠯ ᠤᠨ ᠬᠤᠪᠢᠶᠠᠷᠢᠯᠠᠯ ᠳᠤ ᠪᠣᠳᠣᠯᠲᠠ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠢ ᠨᠡᠮᠡᠨ ᠲᠣᠬᠢᠷᠠᠭᠤᠯᠵᠤ᠂  ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠨᠣᠴᠠᠲᠠᠢ ᠦᠨᠡᠯᠡᠨ ᠵᠢᠱᠢᠵᠦ᠂ ᠲᠡᠭᠦᠨ ᠤ ᠬᠥᠭᠵᠢᠯᠲᠡ ᠶᠢᠨ  ᠦᠷ᠎ᠡ ᠪᠦᠲᠦᠮᠵᠢ ᠶᠢ ᠭᠦᠢᠴᠡᠳ ᠢᠯᠡᠷᠡᠭᠦᠯᠬᠦ ᠳᠤ ᠲᠥᠬᠦᠮ ᠪᠣᠯᠭᠠᠬᠤ ᠶᠢ ᠰᠠᠨᠠᠭᠤᠯᠪᠠ᠃ ᠨᠥᠭᠦᠭᠡ ᠲᠠᠯ᠎ᠠ ᠪᠠᠷ᠂ ︽ᠬᠠᠷᠢᠴᠠᠯ ᠶᠣᠰᠣᠭᠠᠷ ᠬᠤᠪᠢᠶᠠᠷᠢᠯᠠᠬᠤ︾  ᠲᠣᠭᠲᠠᠴᠠ ᠪᠤᠶᠤ ︽ᠣᠷᠣᠯᠭ᠎ᠠ ᠪᠠᠷ ᠵᠠᠷᠤᠳᠠᠯ ᠢ ᠪᠦᠷᠬᠦᠭᠦᠯᠬᠦ︾ ᠲᠣᠭᠲᠠᠴᠠ ᠶᠢ ᠪᠠᠶᠢᠭᠤᠯᠵᠤ᠂ ᠪᠣᠳᠣᠯᠲᠠ ᠶᠢᠨ ᠬᠦᠴᠦᠨ ᠤ ᠳ᠋ᠠᠶᠢᠲ᠋ᠠ ᠶᠢ ᠲᠣᠰ ᠭᠠᠵᠠᠷ ᠲᠤᠨᠢ  ᠲᠤᠭ᠎ᠠ ᠪᠦᠷᠢᠳᠬᠡᠯ ᠳᠤ ᠤᠷᠤᠭᠤᠯᠬᠤ ᠶᠢ ᠠᠬᠢᠭᠤᠯᠵᠤ᠂ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠣᠷᠣᠨ  ᠨᠤᠲᠤᠭ ᠤᠨ ᠵᠠᠰᠠᠭ ᠤᠨ ᠣᠷᠳᠣᠨ ᠳᠤ ᠨᠠᠩ ᠰᠢᠭᠤᠳ ᠣᠯᠵᠤ ᠦᠵᠡᠭᠦᠯᠬᠦ ᠶᠢᠨ ᠤᠯᠠᠮ ᠠᠴᠠ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ  ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠢ ᠥᠷᠭᠡᠳᠬᠡᠬᠦ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠵᠦ᠂ ᠠᠵᠤ  ᠦᠢᠯᠡᠰ ᠤᠨ ᠴᠢᠨᠠᠷ ᠰᠠᠶᠢᠲᠠᠢ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠰᠠᠨᠠᠭᠤᠯᠪᠠ᠃   
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ