ᠪᠥᠬᠦ ᠶᠠᠪᠤᠴᠠ ᠶᠢ ᠬᠢᠯᠪᠠᠷᠴᠢᠯᠠᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠷ ᠠᠷᠠᠯᠵᠢᠶ᠎ᠠ ᠶᠢ ᠨᠠᠩ ︽ᠴᠢᠯᠦᠭᠡᠲᠡᠢ︾  ᠪᠣᠯᠭᠠᠨ᠎ᠠ
ᠨᠡᠶᠢᠲᠡᠯᠡᠭᠰᠡᠨ ᠴᠠᠭ᠄
2025/3/20
     ᠡᠵᠡᠩᠨᠡᠯᠲᠡ ᠶᠢᠨ ᠣᠷᠴᠢᠨ ᠲᠣᠭᠤᠷᠢᠨ ᠢ ᠲᠤᠭᠲᠠᠪᠤᠷᠢᠲᠠᠢ ᠰᠢᠯᠢᠳᠡᠭᠵᠢᠭᠦᠯᠬᠦ ᠶᠢᠨ ᠲᠥᠯᠥᠭᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ  ᠢ ᠬᠦᠭᠵᠢᠭᠡᠵᠦ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠲᠤᠬᠠᠢ ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠤᠶᠢᠷ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠯᠥᠨ ᠪᠤᠶᠢᠷ ᠬᠤᠲᠠ ᠶᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠬᠤ ᠲᠥᠰᠥᠯ ︵ᠰᠠᠨᠠᠯ ᠬᠤᠷᠢᠶᠠᠬᠤ ᠨᠣᠣᠷᠠᠭ︶︾ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠭᠤᠤᠯᠳᠠᠯᠭ᠎ᠠ ᠲᠠᠢ ᠠᠰᠠᠭᠤᠳᠠᠯ ᠳᠤ ᠲᠥᠪᠯᠡᠷᠡᠭᠦᠯᠵᠦ᠂ ︽ᠵᠢᠷᠭᠤᠭᠠᠨ ᠵᠦᠢᠯ ᠤᠨ ᠡᠭᠦᠷᠭᠡ᠂ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ︾ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠨᠠᠷᠢᠨ ᠲᠠᠩᠰᠠ ᠶᠢ ᠬᠡᠷᠡᠭᠵᠢᠭᠦᠯᠵᠦ᠂ ᠪᠠᠬᠢᠯᠡᠯᠲᠡ ᠶᠢ ᠡᠪᠳᠡᠬᠦ᠂ ᠥᠪᠡᠷ ᠤᠨ ᠥᠷᠲᠡᠭ ᠢ ᠪᠠᠭᠤᠷᠠᠭᠤᠯᠬᠤ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠵᠡᠷᠭᠡ ︽ᠬᠠᠮ ᠠᠷᠭ᠎ᠠ ᠬᠡᠮᠵᠢᠶ᠎ᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠴᠢᠯᠦᠭᠡᠲᠡᠢ ᠪᠠᠷ ᠵᠠᠬ᠎ᠠ ᠳᠤ ᠣᠷᠣᠵᠣ ᠯᠠᠪᠳᠠᠭᠤᠨ ᠢᠶᠠᠷ ᠠᠶᠠᠯᠠᠬᠤ ᠳᠤ ᠲᠣᠰᠠᠯᠠᠨ᠎ᠠ᠃    ᠲᠠᠯᠳᠠ ᠪᠠᠬᠢᠯᠡᠯᠲᠡ ᠶᠢ ᠡᠪᠳᠡᠵᠦ᠂ ᠭᠤᠣᠯᠴᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ᠨᠢᠭᠡ ᠳᠤ ᠲᠧᠨ᠋ᠳᠧᠷ ᠵᠠᠷᠯᠠᠬᠤ ᠲᠧᠨ᠋ᠳᠧᠷ ᠲᠤ ᠣᠷᠣᠯᠴᠠᠬᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠲᠧᠨ᠋ᠳᠧᠷ ᠵᠠᠷᠯᠠᠵᠤ ᠲᠧᠨ᠋ᠳᠧᠷ ᠲᠤ ᠣᠷᠣᠯᠴᠠᠬᠤ ᠬᠦᠷᠢᠶ᠎ᠡ ᠴᠠᠷᠠᠭ᠎ᠠ ᠶᠢᠨ ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ‍ᠦᠨ‌‍ᠲ᠋ᠧᠨ᠋ᠳᠧᠷ ᠵᠠᠷᠯᠠᠬᠤ ᠪᠢᠴᠢᠭ ᠮᠠᠲ᠋ᠧᠷᠢᠶᠠᠯ ᠤᠨ ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠲᠣᠭᠲᠠᠴᠠ︾ ᠶᠢ ᠨᠠᠶᠢᠳᠠᠪᠤᠷᠢᠵᠢᠭᠤᠯᠵᠤ᠂ ᠲᠧᠨ᠋ᠳᠧᠷ ᠵᠠᠷᠯᠠᠬᠤ ᠪᠢᠴᠢᠭ ᠮᠠᠲ᠋ᠧᠷᠢᠶᠠᠯ ᠳᠤ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠣᠷᠣᠯᠴᠠᠬᠤ ᠶᠢ ᠭᠠᠳᠠᠭᠤᠷᠴᠢᠯᠠᠬᠤ ᠪᠤᠶᠤ ᠬᠢᠵᠠᠭᠠᠷᠯᠠᠬᠤ ᠵᠦᠢ ᠵᠣᠬᠢᠰ ᠦᠭᠡᠢ ᠵᠦᠢᠯ ᠵᠤᠷᠪᠤᠰ ᠭᠠᠷᠭᠠᠬᠤ ᠶᠢ ᠴᠢᠩᠭ᠎ᠠ ᠴᠠᠭᠠᠵᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠭᠡᠨ ᠳᠤ ᠣᠷᠣᠯᠴᠠᠬᠤ ᠶᠢ ᠪᠠᠲᠤᠯᠠᠨ᠎ᠠ᠃ ᠬᠤᠶᠠᠷ ᠲᠤ᠂ ᠪᠦᠬᠦ ᠶᠠᠪᠤᠴᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠬᠤᠰᠢᠭᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 100% ᠪᠠᠷ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠠᠷᠠᠯᠵᠢᠶᠠᠯᠠᠬᠤ ᠰᠢᠰᠲ᠋ᠧᠮ ᠳᠤ ᠣᠷᠣᠭᠤᠯᠵᠤ᠂ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠥᠬᠦ ᠣᠷᠣᠨ ᠤ ᠬᠢᠨᠠᠯᠲᠠ ᠬᠠᠮᠢᠶᠠᠷᠤᠯᠲᠠ ᠶᠢᠨ ︽ᠨᠢᠭᠡ ᠰᠦᠯᠵᠢᠶ᠎ᠡ︾ ᠶᠢᠨ ᠲᠠᠪᠴᠠᠩ ᠳᠤ ᠲᠦᠰᠢᠭᠯᠡᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠲᠧᠨ᠋ᠳᠧᠷ ᠣᠯᠣᠭᠰᠠᠨ ᠮᠡᠳᠡᠭᠡ ᠵᠠᠩᠭᠢ᠂ ᠠᠷᠠᠯᠵᠢᠶᠠᠨ ᠤ ᠠᠬᠢᠴᠠ ᠵᠡᠷᠭᠡ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠦᠷᠭᠡᠬᠦ ᠪᠠᠷ ᠳᠠᠮᠵᠢᠭᠤᠯᠤᠨ᠂ ᠲᠥᠷᠥᠯ ᠵᠦᠢᠯ ᠤᠨ ᠪᠥᠬᠦ ᠦᠶᠡᠯᠡᠯ ᠤᠨ ᠢᠯᠡ ᠲᠣᠳᠣ ᠬᠠᠮᠢᠶᠠᠷᠤᠯᠲᠠ ᠶᠢ ᠪᠡᠶᠡᠯᠡᠭᠦᠯᠵᠦ᠂ ᠲᠧᠨ᠋ᠳᠧᠷ ᠵᠠᠷᠯᠠᠬᠤ ᠲᠧᠨ᠋ᠳᠧᠷ ᠲᠤ ᠣᠷᠣᠯᠴᠠᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠨ᠎ᠠ᠃    ᠦᠢᠯᠡᠴᠢᠯᠡᠭᠡᠨ ᠤ ᠶᠠᠪᠤᠴᠠ ᠶᠢ ᠳᠥᠭᠦᠮᠴᠢᠯᠡᠵᠦ᠂ ᠠᠷᠠᠯᠵᠢᠶᠠᠯᠠᠬᠤ ᠲᠥᠬᠦᠮ ᠲᠥᠳᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡ ᠳᠤ ︽ᠨᠢᠭᠡ ᠬᠦᠰᠦᠨᠦᠭᠲᠦ ᠪᠠᠷ ᠲᠠᠯᠠᠪᠠᠶ ᠳᠤ ᠣᠷᠣᠬᠤ︾ ᠲᠤᠶᠢᠯ ᠤᠨ ᠲᠥᠬᠦᠮ ᠦᠢᠯᠡᠴᠢᠯᠡᠭᠡ ᠶᠢ ᠬᠡᠷᠡᠭᠵᠢᠭᠦᠯᠦᠨ᠎ᠡ᠃ ᠳᠠᠪᠲᠠᠭᠰᠠᠨ ᠮᠠᠲ᠋ᠧᠷᠢᠶᠠᠯ ᠢ ᠬᠦᠴᠦᠨ ᠦᠭᠡᠢ ᠪᠣᠯᠭᠠᠵᠤ᠂ ︽ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠰᠦᠯᠵᠢᠶ᠎ᠡ ᠪᠠᠷ ᠭᠦᠢᠴᠡᠳᠬᠡᠬᠦ︾ ᠶᠢ ᠬᠡᠷᠡᠭᠵᠢᠭᠦᠯᠦᠨ᠂ ᠲᠥᠷᠥᠯ ᠵᠦᠢᠯ ᠢ ᠲᠠᠯᠠᠪᠤᠷ ᠲᠤ ᠣᠷᠣᠭᠤᠯᠬᠤ᠂ ᠲᠧᠨ᠋ᠳᠧᠷ ᠨᠡᠶᠢᠲᠡᠯᠡᠬᠦ᠂ ᠲᠧᠨ᠋ᠳᠧᠷ ᠦᠨᠡᠯᠡᠬᠦ᠂ ᠲᠧᠨ᠋ᠳᠧᠷ ᠲᠣᠭᠲᠠᠭᠠᠬᠤ᠂ ᠭᠡᠷ᠎ᠡ ᠲᠣᠭᠲᠠᠬᠤ ᠵᠡᠷᠭᠡ ᠪᠥᠬᠦ  ᠶᠠᠪᠤᠴᠠ ᠶᠢ ᠰᠦᠯᠵᠢᠶᠡᠨ ᠲᠠᠪᠴᠠᠩ ᠳᠤ ᠡᠮᠬᠢᠯᠡᠨ ᠨᠡᠶᠢᠯᠡᠭᠦᠯᠵᠦ᠂ ᠪᠥᠬᠦ ᠶᠠᠪᠤᠴᠠ ᠶᠢ ᠴᠠᠬᠢᠮ ᠣᠷᠣ ᠮᠥᠷ ᠥᠯᠡᠳᠡᠭᠡᠵᠦ᠂ ᠨᠡᠬᠡᠮᠵᠢᠯᠡᠨ ᠪᠠᠶᠢᠴᠠᠭᠠᠵᠤ ᠪᠣᠯᠣᠨ᠎ᠠ᠃ ᠬᠤᠶᠠᠷ ᠲᠤ ᠴᠠᠬᠢᠮ ᠪᠠᠲᠤᠯᠠᠭ᠎ᠠ ᠶᠢᠨ ᠵᠠᠬᠢᠳᠠᠯ ᠢ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠴᠠᠬᠢᠮ ᠪᠠᠲᠤᠯᠠᠭ᠎ᠠ ᠶᠢᠨ ᠵᠠᠬᠢᠳᠠᠯ ᠤᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ 2025 ᠣᠨ ᠠᠴᠠ ᠡᠬᠢᠯᠡᠨ ᠪᠥᠬᠦ ᠬᠤᠰᠢᠭᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠧᠨ᠋ᠳᠧᠷ ᠲᠤ ᠣᠷᠣᠯᠴᠠᠬᠤ ᠪᠠᠲᠤᠯᠠᠭ᠎ᠠ ᠶᠢᠨ ᠮᠥᠩᠭᠦ ᠶᠢ ᠴᠥᠮ ᠡᠯᠧᠺᠲᠷᠣᠨ ᠪᠠᠲᠤᠯᠠᠭ᠎ᠠ ᠶᠢᠨ ᠵᠠᠬᠢᠳᠠᠯ ᠤᠨ ᠬᠡᠯᠪᠡᠷᠢ ᠪᠠᠷ ᠲᠤᠰᠢᠶᠠᠵᠤ᠂ ᠠᠵᠤ ᠠᠬᠤᠶᠢᠯᠠᠯ ᠤᠨ ᠪᠡᠯᠡ ᠮᠥᠩᠭᠦ ᠶᠢᠨ ᠬᠡᠷᠡᠭᠯᠡᠯᠲᠡ ᠶᠢ ᠤᠯᠠᠮ ᠨᠢᠭᠡ ᠠᠯᠬᠤᠮ ᠪᠠᠭᠠᠰᠬᠠᠨ᠂ ᠠᠷᠠᠯᠵᠢᠶᠠᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃    ᠰᠦᠢᠳᠬᠡᠯ ᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠪᠠᠲᠤᠯᠠᠭ᠎ᠠ ᠶᠢᠨ ᠮᠥᠩᠭᠦ ᠲᠤᠰᠢᠶᠠᠬᠤ ᠳᠠᠷᠤᠯᠲᠠ ᠶᠢ ᠪᠠᠭᠤᠷᠠᠭᠤᠯᠵᠤ᠂ 1000 ᠲᠦᠮᠡᠨ ᠲᠥᠭᠦᠷᠢᠭ ᠠᠴᠠ ᠳᠣᠷᠣᠭᠰᠢᠬᠢ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠢᠨᠵᠧᠨᠧᠷᠢᠩ ᠤᠨ ᠲᠥᠷᠥᠯ ᠵᠦᠢᠯ ᠳᠤ ᠲᠧᠨ᠋ᠳᠧᠷ ᠲᠤ ᠣᠷᠣᠯᠴᠠᠬᠤ ᠪᠠᠲᠤᠯᠠᠭ᠎ᠠ ᠶᠢᠨ ᠮᠥᠩᠭᠦ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ᠂ ᠡᠳ᠋ ᠪᠠᠷᠠᠭ᠎ᠠ ᠬᠤᠳᠠᠯᠳᠤᠨ ᠠᠪᠬᠤ᠂ ᠦᠢᠯᠡᠴᠢᠯᠡᠭᠡᠨ ᠤ ᠲᠥᠷᠥᠯ ᠤᠨ ᠪᠠᠷᠢᠮᠵᠢᠶ᠎ᠠ ᠶᠢᠨ ᠬᠡᠰᠡᠭ ᠤᠨ ᠪᠠᠲᠤᠯᠠᠭ᠎ᠠ ᠶᠢᠨ ᠮᠥᠩᠭᠦ ᠶᠢᠨ ᠳᠡᠭᠡᠳᠦ ᠬᠢᠵᠠᠭᠠᠷ ᠢ ᠲᠣᠰ ᠲᠣᠰ 40 ᠲᠦᠮᠡᠨ ᠲᠥᠭᠦᠷᠢᠭ᠂ 25 ᠲᠦᠮᠡᠨ ᠲᠥᠭᠦᠷᠢᠭ᠂ 2 ᠲᠦᠮᠡᠨ ᠲᠥᠭᠦᠷᠢᠭ ᠪᠣᠯᠭᠠᠨ ᠪᠠᠭᠤᠷᠠᠭᠤᠯᠵᠤ᠂ ᠠᠵᠤ ᠠᠬᠤᠶᠢᠯᠠᠯ ᠤᠨ ᠪᠡᠯᠡᠨ ᠵᠣᠭᠤᠰ ᠤᠨ ᠭᠦᠢᠯᠭᠡᠭᠡᠨ ᠤ ᠳᠠᠷᠤᠯᠲᠠ ᠶᠢ  ᠬᠦᠩᠭᠡᠷᠡᠭᠦᠯᠦᠨ᠎ᠡ᠃    ᠢᠷᠡᠭᠡᠳᠦᠢ ᠳᠤ᠂ ᠨᠡᠭᠡᠭᠡᠯᠲᠡᠲᠡᠢ ᠥᠨᠳᠥᠷ ᠪᠦᠲᠦᠮᠵᠢᠲᠡᠢ ᠠᠷᠠᠯᠵᠢᠶᠠᠨ ᠤ ᠠᠮᠢ ᠠᠬᠤᠢ ᠶᠢ ᠴᠣᠭᠴᠠᠯᠠᠨ᠎ᠠ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ  ᠠᠴᠠ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠᠷ ᠭᠠᠷᠳᠠᠴᠠ ᠪᠣᠯᠭᠠᠨ᠂ ᠰᠣᠯᠢᠯᠴᠠᠭᠠᠨ ᠤ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠬᠢᠨᠠᠯᠲᠠ ᠬᠠᠮᠢᠶᠠᠷᠤᠯᠲᠠ ᠶᠢ ᠤᠶᠤᠨᠵᠢᠭᠤᠯᠬᠤ᠂ ᠥᠪᠡᠷ ᠤᠨ ᠥᠷᠲᠡᠭ ᠢ ᠬᠠᠮᠤᠭ ᠤᠨ ᠰᠢᠯᠢᠳᠡᠭᠵᠢᠭᠦᠯᠬᠦ ᠶᠢ ᠠᠬᠢᠭᠤᠯᠵᠤ᠂ ᠭᠠᠵᠠᠷ ᠣᠷᠣᠨ ᠤ ᠬᠢᠵᠠᠭᠠᠷᠯᠠᠯ ᠪᠠ ᠳᠦᠷᠢᠮ ᠤᠨ ᠪᠠᠬᠢᠯᠡᠯᠲᠡ ᠶᠢ ᠡᠪᠳᠡᠵᠦ᠂ ᠡᠷᠬᠡ ᠲᠡᠭᠰᠢ᠂ ᠢᠯᠡ ᠲᠣᠳᠣ᠂ ᠪᠠᠭᠲᠠᠭᠠᠮᠵᠢᠲᠠᠢ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠣᠷᠴᠢᠨ ᠲᠣᠭᠤᠷᠢᠨ ᠢ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠡᠷᠴᠢᠮᠵᠢᠭᠦᠯᠦᠨ᠎ᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ