ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠬᠢᠭᠡᠳ ᠡᠮᠦᠨᠡᠲᠦ ᠠᠮᠧᠷᠢᠺᠠ ᠲᠢᠪ ᠤᠨ ᠤᠯᠤᠰ ᠤᠳ ᠤᠨ ᠬᠤᠭᠤᠷᠣᠨᠳᠣᠬᠢ ᠠᠵᠤ ᠠᠬᠤᠢ ᠠᠷᠠᠯᠵᠢᠶᠠᠨ ᠤ | ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ ᠪᠤᠢ᠂ ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2024 ᠣᠨ ᠳᠤ ᠥᠪᠥᠷ ᠮᠣᠩᠭᠤᠯ ᠡᠮᠦᠨᠡᠲᠦ | ᠠᠮᠧᠷᠢᠺᠠ ᠲᠢᠪ ᠤᠨ ᠤᠯᠤᠰ ᠤᠳ ᠯᠤᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ ᠨᠢ 133.9 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠨᠢ 34.7 ᠳ᠋ᠦᠩᠰᠢᠭᠤᠷ | ᠲᠥᠭᠦᠷᠢᠭ ᠲᠤ ᠬᠦᠷᠴᠦ᠂ 24.6% ᠪᠠᠷ ᠨᠡᠮᠡᠭᠳᠡᠵᠡᠢ︔ ᠭᠠᠳᠠᠭᠠᠳᠤ ᠠᠴᠠ ᠣᠷᠣᠭᠤᠯᠤᠭᠰᠠᠨ ᠨᠢ 99.2 ᠳ᠋ᠦᠩᠰᠢᠭᠤᠷ ᠲᠥᠭᠦᠷᠢᠭ ᠲᠤ ᠬᠦᠷᠴᠦ᠂ 29. | 1% ᠪᠠᠷ ᠨᠡᠮᠡᠭᠳᠡᠪᠡ᠃ ᠣᠶᠢᠯᠠᠭᠠᠭᠰᠠᠨ ᠢᠶᠠᠷ᠂ 2024 ᠣᠨ ᠳᠤ ᠥᠪᠥᠷ ᠮᠣᠩᠭᠤᠯ ᠡᠮᠦᠨᠡᠲᠦ ᠠᠮᠧᠷᠢᠺᠠ ᠲᠢᠪ ᠤᠨ ᠤᠯᠤᠰ ᠤᠳ ᠲᠤ ᠭᠠᠷᠭᠠᠭᠰᠠᠨ ᠨᠢ | ᠦᠨᠳᠦᠰᠦᠨ ᠣᠷᠭᠠᠨᠢᠭ ᠬᠢᠮᠢ ᠶᠢᠨ ᠪᠣᠳᠠᠰ᠂ ᠪᠣᠯᠣᠳ ᠮᠠᠲ᠋ᠧᠷᠢᠶᠠᠯ᠂ ᠮᠠᠰᠢᠨ ᠴᠠᠬᠢᠯᠭᠠᠨ ᠤ ᠦᠢᠯᠡᠳᠬᠦᠨ ᠢᠶᠠᠷ ᠭᠤᠣᠯᠯᠠᠵᠤ᠂ ᠠᠷᠠᠯᠵᠢᠶᠠᠨ ᠤ ᠥᠷᠲᠡᠭ ᠨᠢ ᠲᠣᠰ | ᠲᠣᠰ 8.8 ᠳ᠋ᠦᠩᠰᠢᠭᠤᠷ ᠲᠥᠭᠦᠷᠢᠭ᠂ 4.9 ᠳ᠋ᠦᠩᠰᠢᠭᠤᠷ ᠲᠥᠭᠦᠷᠢᠭ᠂ 4.3 ᠳ᠋ᠦᠩᠰᠢᠭᠤᠷ ᠲᠥᠭᠦᠷᠢᠭ ᠪᠠᠶᠢᠵᠤ᠂ ᠲᠣᠰ ᠲᠣᠰ 35.4% ᠪᠠᠷ ᠨᠡᠮᠡᠭᠳᠡᠵᠦ᠂ | 8.6% ᠪᠠᠷ ᠪᠠᠭᠤᠷᠠᠵᠤ᠂ 531.6% ᠪᠠᠷ ᠨᠡᠮᠡᠭᠳᠡᠵᠡᠢ᠃ ᠭᠠᠳᠠᠭᠠᠳᠤ ᠠᠴᠠ ᠣᠷᠣᠭᠤᠯᠤᠭᠰᠠᠨ ᠨᠢ ᠠᠭᠤᠷᠬᠠᠢ ᠶᠢᠨ ᠭᠠᠷᠤᠯᠲᠠ ᠪᠠᠷ ᠭᠤᠣᠯᠯᠠᠵᠤ᠂ 2024 | ᠣᠨ ᠳᠤ ᠭᠠᠳᠠᠭᠠᠳᠤ ᠠᠴᠠ ᠣᠷᠣᠭᠤᠯᠤᠭᠰᠠᠨ ᠲᠡᠮᠦᠷᠯᠢᠭ ᠬᠦᠳᠡᠷ ᠤᠨ ᠪᠠᠷᠠᠭᠠᠨ ᠤ ᠥᠷᠲᠡᠭ ᠨᠢ 98.6 ᠳ᠋ᠦᠩᠰᠢᠭᠤᠷ ᠲᠥᠭᠦᠷᠢᠭ ᠲᠤ ᠬᠦᠷᠴᠦ᠂ 33% ᠪᠠᠷ | ᠨᠡᠮᠡᠭᠳᠡᠨ᠂ ᠥᠪᠥᠷ ᠮᠣᠩᠭᠤᠯ ᠡᠮᠦᠨᠡᠲᠦ ᠠᠮᠧᠷᠢᠺᠠ ᠲᠢᠪ ᠤᠨ ᠤᠯᠤᠰ ᠤᠳ ᠠᠴᠠ ᠣᠷᠣᠭᠤᠯᠤᠭᠰᠠᠨ ᠥᠷᠲᠡᠭ ᠤᠨ 99.4% ᠶᠢ ᠡᠵᠡᠯᠡᠪᠡ᠃ 2024 ᠣᠨ ᠳᠤ᠂ | ᠴᠢᠯᠢ᠂ ᠫᠧᠷᠦ᠋᠂ ᠪᠷᠠᠽᠢᠯ ᠨᠢ ᠥᠪᠥᠷ ᠮᠣᠩᠭᠤᠯ ᠤᠨ ᠡᠮᠦᠨᠡᠲᠦ ᠠᠮᠧᠷᠢᠺᠠ ᠲᠢᠪ ᠤᠨ ᠤᠯᠤᠰ ᠤᠳ ᠤᠨ ᠳᠣᠲᠣᠷᠠᠬᠢ ᠡᠮᠦᠨ᠎ᠡ ᠭᠤᠷᠪᠠ ᠳᠤ ᠵᠢᠭᠰᠠᠭᠠᠭᠳᠠᠭᠰᠠᠨ | ᠠᠷᠠᠯᠵᠢᠶᠠᠨ ᠤ ᠬᠠᠨᠢᠲᠠᠨ ᠪᠠᠶᠢᠵᠤ᠂ ᠠᠷᠠᠯᠵᠢᠶᠠᠨ ᠤ ᠲᠤᠭ᠎ᠠ ᠨᠢ ᠲᠤᠰ ᠲᠤᠰ 57.5 ᠳ᠋ᠦᠩᠰᠢᠭᠤᠷ ᠲᠥᠭᠦᠷᠢᠭ᠂ 45.5 ᠳ᠋ᠦᠩᠰᠢᠭᠤᠷ ᠲᠥᠭᠦᠷᠢᠭ᠂ 19 | ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ ᠲᠤᠰ ᠲᠤᠰ 24.3%᠂ 36.6%᠂ 24.5% ᠪᠣᠯᠵᠠᠢ᠃ ᠥᠪᠥᠷ ᠮᠣᠩᠭᠤᠯ ᠨᠢ | ᠡᠮᠦᠨᠡᠲᠦ ᠠᠮᠧᠷᠢᠺᠠ ᠲᠢᠪ ᠤᠨ ᠤᠯᠤᠰ ᠤᠳ ᠯᠤᠭ᠎ᠠ ᠬᠡᠳᠦ᠋ᠢᠪᠡᠷ ᠠᠯᠤᠰ ᠬᠤᠯᠠ ᠪᠠᠶᠢᠷᠢᠯᠠᠵᠤ ᠪᠠᠶᠢᠭ᠎ᠠ ᠪᠣᠯᠪᠠᠴᠤ ᠤᠷᠳᠤ ᠬᠤᠭᠤᠴᠠᠭᠠᠨ ᠤ ᠲᠤᠷᠰᠢ | ᠬᠠᠮᠲᠤᠷᠠᠯᠴᠠᠭ᠎ᠠ ᠶᠢ ᠬᠠᠮᠲᠤ ᠪᠠᠷ ᠡᠷᠢᠯᠬᠢᠯᠡᠵᠦ᠂ ᠬᠥᠭᠵᠢᠯᠲᠡ ᠶᠢ ᠬᠠᠮᠲᠤ ᠪᠠᠷ ᠠᠬᠢᠭᠤᠯᠤᠨ᠂ ᠡᠬᠢ ᠪᠠᠶᠠᠯᠢᠭ ᠤᠨ ᠨᠥᠭᠡᠴᠡ ᠬᠦᠴᠦᠨ᠂ ᠠᠵᠤ ᠦᠢᠯᠡᠰ ᠤᠨ | ᠪᠦᠲᠦᠴᠡ᠂ ᠵᠠᠬ᠎ᠠ ᠳᠡᠯᠭᠡᠭᠦᠷ ᠤᠨ ᠬᠡᠷᠡᠭᠴᠡᠭᠡ ᠵᠡᠷᠭᠡ ᠤᠯᠠᠨ ᠲᠠᠯ᠎ᠠ ᠪᠠᠷ ᠬᠠᠷᠢᠯᠴᠠᠨ ᠨᠥᠬᠦᠪᠦᠷᠢᠯᠡᠬᠦ ᠴᠢᠨᠠᠷᠲᠠᠢ ᠪᠠᠶᠢᠳᠠᠭ᠃ ᠥᠪᠥᠷ ᠮᠣᠩᠭᠤᠯ ᠡᠮᠦᠨᠡᠲᠦ ᠠᠮᠧᠷᠢᠺᠠ | ᠲᠢᠪ ᠤᠨ ᠤᠯᠤᠰ ᠤᠳ ᠲᠤ ᠬᠢᠮᠢ ᠶᠢᠨ ᠪᠣᠳᠠᠰ᠂ ᠮᠠᠰᠢᠨ ᠲᠡᠷᠭᠡ ᠵᠡᠷᠭᠡ ᠲᠠᠸᠠᠷ ᠭᠠᠷᠭᠠᠵᠤ᠂ ᠨᠥᠭᠦᠭᠡ ᠡᠲᠡᠭᠡᠳ ᠤᠨ ᠬᠢᠨ ᠤ ᠡᠯᠪᠡᠭ ᠪᠠᠶᠠᠯᠢᠭ ᠠᠭᠤᠷᠬᠠᠢ ᠶᠢᠨ | ᠭᠠᠷᠤᠯᠲᠠ ᠴᠦ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ ᠬᠡᠷᠡᠭᠴᠡᠭᠡ ᠶᠢ ᠬᠠᠩᠭᠠᠪᠠ᠃ ᠲᠦᠷᠦᠭᠦᠬᠡᠨ᠂ ᠥᠪᠥᠷ ᠮᠣᠩᠭᠤᠯ ᠨᠢ ᠪᠷᠠᠽᠢᠯ᠂ | ᠦᠷᠦ᠋ᠭᠤᠸᠠᠢ ᠯᠤᠭ᠎ᠠ ᠬᠠᠮᠲᠤᠷᠠᠯᠴᠠᠭᠠᠨ ᠤ ᠲᠥᠷᠥᠯ ᠵᠦᠢᠯ᠂ ᠵᠥᠪᠯᠡᠯᠴᠡᠭᠡᠷ ᠲᠣᠬᠢᠷᠠᠯᠴᠠᠵᠤ᠂ ᠲᠠᠷᠢᠮᠠᠯ ᠤᠨ ᠦᠢᠯᠡᠰ᠂ ᠬᠢᠮᠢ ᠶᠢᠨ ᠠᠵᠤ ᠦᠢᠯᠡᠳᠪᠦᠷᠢ᠂ ᠰᠢᠨ᠎ᠡ | ᠡᠨᠧᠷᠭᠢ᠂ ᠢᠳᠡᠭᠡᠨ ᠤ ᠵᠦᠢᠯ ᠵᠢᠴᠢ ᠰᠦ ᠶᠢᠨ ᠦᠢᠯᠡᠰ ᠵᠡᠷᠭᠡ ᠣᠯᠠᠨ ᠬᠦᠷᠢᠶᠡᠨ ᠳᠤ ᠬᠤᠯᠪᠣᠭᠳᠠᠵᠠᠢ᠃ ᠬᠥᠬᠡᠬᠤᠲᠠ ᠪᠣᠭᠤᠮᠲᠠ ᠶᠢᠨ ᠬᠢᠨ ᠤ ᠵᠠᠳᠠᠯᠤᠭᠰᠠᠨ ᠢᠶᠠᠷ᠂ | ᠡᠮᠦᠨᠡᠲᠦ ᠠᠮᠧᠷᠢᠺᠠ ᠲᠢᠪ ᠤᠨ ᠤᠯᠤᠰ ᠤᠳ ᠤᠨ ᠬᠠᠯᠠᠭᠤᠨ ᠪᠦᠰᠡᠨ ᠤ ᠵᠢᠮᠢᠰ᠂ ᠦᠬᠡᠷ ᠤᠨ ᠮᠢᠬ᠎ᠠ ᠵᠡᠷᠭᠡ ᠥᠨᠳᠥᠷ ᠨᠡᠮᠡᠯᠲᠡ ᠥᠷᠲᠡᠭᠲᠦ ᠪᠦᠬᠦᠢ ᠲᠠᠷᠢᠶᠠᠯᠠᠩ ᠤᠨ | ᠪᠦᠲᠦᠭᠡᠭᠳᠡᠬᠦᠨ ᠨᠢ ᠥᠪᠥᠷ ᠮᠣᠩᠭᠤᠯ ᠤᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠳᠤᠲᠠᠭᠤᠳᠠᠯ ᠢ ᠨᠥᠬᠦᠪᠦᠷᠢᠯᠡᠵᠦ᠂ ᠥᠪᠥᠷ ᠮᠣᠩᠭᠤᠯ ᠤᠨ ᠴᠠᠭᠠᠨ ᠢᠳᠡᠭᠡ᠂ | ᠢᠮᠠᠭᠠᠨ ᠨᠣᠣᠯᠣᠭᠤᠷ ᠤᠨ ᠪᠦᠲᠦᠭᠡᠭᠳᠡᠬᠦᠨ ᠨᠢ ᠡᠮᠦᠨᠡᠲᠦ ᠠᠮᠧᠷᠢᠺᠠ ᠲᠢᠪ ᠤᠨ ᠤᠯᠤᠰ ᠤᠳ ᠤᠨ ᠳᠤᠮᠳᠠ ᠳᠡᠭᠡᠳᠦ ᠲᠠᠰ ᠤᠨ ᠵᠠᠬ᠎ᠠ ᠳᠡᠯᠭᠡᠭᠦᠷ ᠢ ᠲᠠᠰᠤᠷᠠᠯᠲᠠ | ᠦᠭᠡᠢ ᠨᠡᠭᠡᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠣᠯᠣᠨ᠎ᠠ᠃ |