ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠦᠪᠦᠷ ᠮᠤᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ ᠠᠴᠠ ᠤᠶᠢᠯᠠᠭᠠᠬᠰᠠᠨ ᠢᠶᠠᠷ᠂ | 2024 ᠣᠨ ᠳᠤ ᠮᠠᠨ ᠤ ᠤᠷᠤᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠠᠬᠢᠯᠳᠠ ᠲᠠᠢ ᠪᠠᠶᠢᠵᠤ᠂ ᠦᠬᠡᠷ᠂ ᠬᠤᠨᠢ᠂ ᠭᠠᠭ᠋ᠠᠶ ᠪᠠ | ᠵᠢᠭᠦᠷᠲᠡᠨ ᠤ ᠮᠢᠬ᠎ᠠ ᠵᠡᠷᠭᠡ ᠭᠤᠤᠯ ᠪᠤᠯᠬᠤ ᠮᠢᠬᠠᠨ ᠤ ᠲᠦᠷᠦᠯ ᠤᠨ ᠶᠡᠷᠦᠩᠬᠡᠢ ᠭᠠᠷᠤᠯᠲᠠ 300.8 ᠲᠦᠮᠡᠨ ᠲᠣᠨ ᠳᠤ ᠬᠦᠷᠴᠦ᠂ ᠳᠡᠭᠡᠷ᠎ᠡ | ᠵᠢᠯ ᠤᠨ ᠬᠢ ᠠᠴᠠ ᠪᠠᠨ 5.4% ᠪᠠᠷ ᠨᠡᠮᠡᠭᠳᠡᠪᠡ᠃ ᠮᠠᠨ ᠤ ᠤᠷᠤᠨ ᠤ ᠭᠤᠤᠯ ᠪᠤᠯᠬᠤ ᠮᠢᠬᠠᠨ ᠤ ᠲᠦᠷᠦᠯ ᠤᠨ ᠶᠡᠷᠦᠩᠬᠡᠢ ᠭᠠᠷᠤᠯᠳᠠ ᠠᠩᠬ᠎ᠠ ᠤᠳᠠᠭ᠎ᠠ 300 | ᠲᠦᠮᠡᠨ ᠲᠤᠨ ᠢ ᠳᠠᠪᠠᠵᠦ ᠪᠠᠶᠢᠭ᠎ᠠ ᠨᠢ ᠡᠨᠡ ᠪᠤᠯᠤᠨ᠎ᠠ᠃ ᠲᠦᠷᠦᠬᠦᠬᠡᠨ ᠲᠦᠩᠯᠢᠶᠤᠤ ᠬᠤᠳᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠡᠬᠡᠲᠡᠯ᠎ᠠ | ᠠᠮᠢᠳᠤ ᠦᠬᠡᠷ ᠤᠨ ᠵᠠᠬ᠎ᠠ ᠲᠠᠯᠬᠡᠬᠦᠷ ᠰᠢᠨ᠎ᠠ ᠨᠢᠬᠡ ᠵᠢᠯ ᠤᠨ ᠠᠷᠠᠯᠵᠢᠶ᠎ᠠ ᠪᠠᠨ ᠡᠬᠢᠯᠡᠬᠦᠯᠵᠤ᠂ ᠦᠬᠡᠷ ᠲᠡᠭᠡᠭᠡᠭᠰᠡᠨ ᠡᠯ᠎ᠠ ᠵᠦᠢᠯ ᠤᠨ ᠮᠠᠰᠢᠨ ᠲᠡᠷᠬᠡ ᠨᠦᠭᠦᠳ ᠠᠷᠤ | ᠠᠷᠤ ᠠᠴᠠ ᠪᠠᠨ ᠴᠤᠪᠤᠷᠠᠯᠳᠤᠨ ᠬᠦᠭᠵᠢᠶᠡᠨ ᠨᠠᠷᠬᠢᠶᠠᠨ ᠢᠶᠠᠷ ᠪᠢᠯᠬᠠᠨ᠎ᠠ᠃ ᠲᠤᠰ ᠵᠠᠬ᠎ᠠ ᠲᠡᠯᠬᠡᠬᠦᠷ ᠨᠢ ᠵᠢᠯ ᠪᠦᠷᠢ 60 ᠲᠦᠮᠡ ᠭᠠᠷᠤᠢ ᠦᠭᠡᠷ ᠠᠷᠠᠯᠵᠢᠶᠠᠯᠠᠳᠠᠭ᠃ | ᠤᠳᠤ ᠲᠦᠡᠭᠯᠢᠶᠤᠤ ᠬᠤᠲᠠ ᠳᠤ ᠡᠶᠢᠮᠦᠷᠬᠦᠦ ᠲᠤᠮᠤ ᠬᠡᠯᠪᠡᠷᠢ ᠶᠢᠨ ᠮᠢᠬᠠᠨ ᠤ ᠦᠬᠡᠷ ᠤᠨ ᠠᠷᠠᠯᠵᠢᠶᠠᠨ ᠤ ᠵᠠᠬ᠎ᠠ ᠲᠠᠯᠬᠡᠬᠦᠷ 7 ᠪᠠᠶᠢᠵᠤ᠂ ᠵᠢᠯ ᠳᠤ 150 ᠲᠦᠮᠡ | ᠭᠠᠷᠤᠢ ᠦᠬᠡᠷ ᠠᠷᠠᠯᠵᠢᠶᠠᠯᠠᠳᠠᠭ᠃ ᠪᠦᠬᠦ ᠬᠤᠲᠠ ᠶᠢᠨ 76 ᠲᠦᠮᠡᠨ ᠮᠠᠯᠵᠢᠬᠤ ᠲᠠᠷᠢᠶᠠᠯᠠᠬᠤ ᠡᠷᠦᠬᠡ ᠶᠢᠨ ᠳᠤᠲᠤᠷ᠎ᠠ ᠠᠴᠠ 18 ᠲᠦᠮᠡ ᠭᠠᠷᠤᠢ ᠡᠷᠦᠬᠡ ᠨᠢ | ᠮᠢᠬᠠᠨ ᠤ ᠦᠬᠡᠷ ᠲᠡᠵᠢᠭᠡᠵᠤ᠂ ᠪᠦᠬᠦ ᠬᠤᠲᠠ ᠶᠢᠨ ᠮᠢᠬᠠᠨ ᠤ ᠦᠬᠡᠷ ᠤᠨ ᠲᠤᠭ᠎ᠠ 395.5 ᠲᠦᠮᠡ ᠳᠤ ᠬᠦᠷᠴᠦ᠂ ᠵᠢᠯ ᠤᠨ ᠮᠢᠬᠠᠨ ᠤ ᠦᠬᠡᠷ ᠤᠨ ᠭᠠᠷᠭᠠᠯᠳᠠ | 150 ᠲᠦᠮᠡ ᠶᠢ ᠲᠠᠪᠠᠵᠤ ᠪᠤᠢ᠃ 2024 ᠤᠨ ᠳᠤ ᠮᠠᠨ ᠤ ᠤᠷᠤᠨ ᠤ ᠮᠢᠬᠠᠨ ᠤ ᠦᠬᠡᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠮᠢᠬᠠᠨ ᠤ | ᠦᠬᠡᠷ ᠤᠨ ᠭᠠᠷᠭᠠᠯᠳᠠ ᠨᠡᠯᠢᠶᠡᠳ ᠲᠦᠷᠭᠡᠨ ᠪᠠᠶᠢᠵᠤ᠂ ᠪᠥᠬᠦ ᠵᠢᠯ ᠳᠤ 527.2 ᠲᠦᠮᠡᠨ ᠮᠢᠬᠠᠨ ᠤ ᠦᠬᠡᠷ ᠬᠤᠳᠠᠯᠳᠤᠨ ᠰᠶᠢᠳᠪᠤᠷᠢᠯᠡᠵᠤ᠂ ᠳᠡᠭᠡᠷ᠎ᠡ | ᠵᠢᠯ ᠤᠨ ᠬᠢ ᠠᠴᠠ ᠪᠠᠨ 13.7% ᠪᠠᠷ ᠨᠡᠮᠡᠭᠳᠡᠵᠤ᠂ ᠦᠬᠡᠷ ᠤᠨ ᠮᠢᠬᠠᠨ ᠤ ᠭᠠᠷᠤᠯᠲᠠ 89.1 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ | 14.5% ᠪᠠᠷ ᠨᠡᠮᠡᠭᠳᠡᠵᠠᠢ᠃ ︽ᠮᠠᠨ ᠤ ᠬᠢᠨ ᠵᠠᠰᠠᠭ ᠤᠨ ᠣᠷᠳᠣᠨ ᠤ ᠨᠥᠬᠦᠪᠥᠷᠢ ᠪᠠᠷ ᠮᠢᠬᠠᠨ ᠤ ᠬᠤᠨᠢ ᠪᠣᠷᠳᠣᠨ ᠲᠠᠷᠭᠤᠯᠠᠭᠤᠯᠬᠤ ᠰᠢᠨ᠎ᠡ ᠬᠠᠰᠢᠶ᠎ᠠ ᠰᠠᠷᠠᠪᠴᠢ | ᠪᠠᠷᠢᠵᠤ᠂ ᠪᠠᠰᠠ ᠡᠪᠡᠰᠦ ᠪᠤᠷᠳᠤᠭ᠎ᠠ ᠰᠠᠴᠤᠬᠤ ᠮᠠᠰᠢᠨ ᠲᠡᠷᠭᠡ ᠬᠤᠳᠠᠯᠳᠤᠨ ᠠᠪᠴᠠᠢ᠃ ᠡᠨᠡ ᠨᠢ ᠴᠠᠭ ᠪᠠ ᠬᠦᠴᠦᠨ ᠳᠤ ᠠᠷᠪᠢᠲᠠᠢ ᠪᠦᠭᠡᠳ ᠪᠣᠷᠳᠣᠨ | ᠲᠠᠷᠭᠤᠯᠠᠭᠤᠯᠬᠤ ᠮᠢᠬᠠᠨ ᠤ ᠬᠤᠨᠢ ᠶᠢᠨ ᠲᠤᠭ᠎ᠠ ᠨᠡᠮᠡᠭᠳᠡᠵᠤ᠂ ᠣᠷᠣᠯᠭ᠎ᠠ ᠴᠤ ᠨᠡᠮᠡᠭᠳᠡᠯ᠎ᠠ︾ ᠭᠡᠵᠦ ᠤᠷᠳᠤᠰ ᠬᠤᠳᠠ ᠶᠢᠨ ᠣᠲᠤᠭ ᠤᠨ ᠡᠮᠦᠨᠡᠲᠦ ᠬᠤᠰᠢᠭᠤᠨ ᠤ | ᠨᠠᠩᠰᠤ ᠪᠠᠯᠭᠠᠰᠤ ᠶᠢᠨ ᠨᠠᠩᠰᠤ ᠭᠠᠴᠠᠭᠠᠨ ᠤ ᠮᠠᠯᠴᠢᠨ ᠠᠯᠳ᠋ᠬᠤᠴᠢᠷ ᠪᠠᠶᠠᠷᠲᠠᠢ ᠬᠡᠯᠡᠨ᠎ᠡ᠃ ᠨᠢᠳᠤᠨᠤᠨ ᠨᠠᠩᠰᠤ ᠪᠠᠯᠭᠠᠰᠤ 600 ᠲᠦᠮᠡᠨ ᠲᠥᠭᠦᠷᠢᠭ ᠤᠨ ᠪᠠᠯᠠ | ᠣᠷᠣᠭᠤᠯᠵᠤ ᠪᠠᠷᠢᠮᠵᠢᠶᠠᠵᠢᠭᠤᠯᠤᠭᠰᠠᠨ ᠬᠠᠰᠢᠶ᠎ᠠ ᠰᠠᠷᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠂ 100 ᠰᠠᠭᠤᠷᠢ | ᠪᠠᠷᠢᠮᠵᠢᠶᠠᠵᠢᠭᠤᠯᠤᠭᠰᠠᠨ ᠪᠣᠷᠳᠣᠨ ᠲᠠᠷᠭᠤᠯᠠᠭᠤᠯᠬᠤ ᠬᠠᠰᠢᠶ᠎ᠠ ᠰᠠᠷᠠᠪᠴᠢ ᠪᠠᠶᠢᠭᠤᠯᠵᠤ᠂ ᠮᠢᠬᠠᠨ ᠤ ᠬᠤᠨᠢ ᠲᠡᠵᠢᠭᠡᠨ ᠦᠷᠡᠵᠢᠭᠦᠯᠵᠤ ᠪᠤᠷᠳᠤᠨ ᠲᠠᠷᠭᠤᠯᠠᠭᠤᠯᠬᠤ | ᠭᠤᠭᠴᠤᠭ᠎ᠠ ᠶᠢᠨ ᠮᠠᠰᠢᠨᠴᠢᠯᠠᠯᠲᠠ ᠪᠠ ᠤᠶᠤᠨᠴᠢᠯᠠᠯᠲᠠ ᠶᠢ ᠤᠯᠠᠮ ᠨᠢᠭᠡ ᠠᠯᠬᠤᠮ ᠠᠬᠢᠭᠤᠯᠤᠨ᠂ ᠮᠢᠬᠠᠨ ᠤ ᠬᠤᠨᠢ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ | ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ ᠨᠠᠩᠰᠤ ᠪᠠᠯᠭᠠᠰᠤ ᠪᠤᠯ ᠨᠢᠬᠡᠨ ᠵᠢᠱᠢᠶ᠎ᠡ ᠲᠡᠳᠤᠢ ᠶᠤᠮ᠂ ᠣᠶᠢᠷ᠎ᠠ ᠶᠢᠨ ᠵᠢᠯ ᠳᠤ ᠪᠦᠬᠦ ᠤᠷᠤᠨ ᠤ ᠡᠯ᠎ᠠ | ᠭᠠᠵᠠᠷ ᠤᠨ ᠬᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠲᠤᠰ ᠵᠢᠯ ᠤᠨ ᠬᠤᠷᠠᠭ᠎ᠠ ᠶᠢ ᠲᠣᠰ | ᠵᠢᠯ ᠳᠡᠭᠡᠨ ᠬᠤᠳᠠᠯᠳᠤᠨ ᠰᠶᠢᠳᠪᠤᠷᠢᠯᠡᠵᠤ᠂ ᠬᠤᠨᠢᠨ ᠤ ᠶᠠᠷᠤᠩᠬᠡᠢ ᠲᠤᠭ᠎ᠠ ᠶᠢ ᠢᠮᠠᠬᠲᠠ 6000 ᠲᠦᠮᠡ ᠭᠠᠷᠤᠢ ᠳᠤ ᠪᠠᠶᠢᠬᠤ ᠶᠢ ᠪᠠᠲᠤᠯᠠᠨ᠂ ᠮᠢᠬᠠᠨ ᠤ | ᠬᠤᠨᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠨ ᠳᠡᠭᠡᠨ ᠲᠣᠭᠲᠠᠪᠤᠷᠢᠵᠢᠭᠤᠯᠤᠭᠰᠠᠨ ᠠᠴᠠ 2024 ᠤᠨ ᠳᠤ ᠪᠦᠬᠦ ᠤᠷᠤᠨ ᠤ ᠬᠤᠨᠢᠨ ᠤ ᠮᠢᠬ᠎ᠠ ᠶᠢᠨ | ᠭᠠᠷᠤᠯᠲᠠ 105.9 ᠲᠦᠮᠡᠨ ᠲᠣᠨ ᠳᠤ ᠬᠦᠷᠴᠠᠢ᠃ ᠬᠦᠬᠡᠬᠤᠳᠠ ᠨᠢᠳᠤᠨᠤᠨ ᠬᠤᠷᠢᠨᠭᠡᠷ ᠰᠢᠶᠠᠨ ᠪᠣᠯᠤᠨ ᠦᠴᠦᠸᠠᠨ ᠰᠢᠶᠠᠨ ᠢᠶᠠᠷ ᠭᠤᠤᠯ ᠪᠣᠯᠭᠠᠵᠤ᠂ ᠡᠷᠬᠢᠨ | ᠲᠣᠭᠤᠷᠢᠨ ᠤ ᠭᠠᠵᠠᠷ ᠣᠷᠣᠨ ᠢ ᠳᠠᠶᠢᠴᠢᠯᠠᠨ 100 ᠲᠦᠮᠡᠨ ᠠᠯᠠᠰᠢᠨ ᠭᠠᠭ᠋ᠠᠶ ᠲᠡᠵᠢᠭᠡᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠂ ᠤᠯᠤᠰ ᠤᠨ | ᠳᠡᠰ ᠤᠨ ᠪᠠ ᠦᠪᠡᠷᠳᠡᠭᠡᠨ ᠵᠠᠰᠠᠬᠤ ᠤᠷᠤᠨ ᠤ ᠳᠡᠰ ᠤᠨ ᠠᠯᠠᠰᠢᠨ ᠭᠠᠭ᠋ᠠᠢ ᠶᠢᠨ ᠦᠢᠯᠡᠳᠪᠤᠷᠢᠯᠡᠯ ᠤᠨ ᠴᠢᠳᠠᠪᠤᠷᠢ ᠶᠢ ᠳᠤᠬᠢᠷᠠᠭᠤᠯᠤᠨ ᠡᠵᠡᠮᠳᠡᠬᠦ ᠰᠠᠭᠤᠷᠢᠨ ᠢ ᠲᠤᠰ | ᠲᠤᠰ 4 ᠪᠠ 11 ᠪᠠᠶᠢᠭᠤᠯᠵᠤ᠂ ᠪᠦᠬᠦ ᠬᠤᠳᠠ ᠳᠤ ᠦᠷᠡᠵᠢᠯ ᠤᠨ ᠴᠢᠳᠠᠪᠤᠷᠢ ᠲᠠᠢ 3.4 ᠲᠦᠮᠡᠨ ᠮᠡᠭᠡᠵᠢ ᠲᠠᠵᠢᠬᠡᠬᠦ ᠶᠢ ᠪᠠᠲᠤᠯᠠᠨ᠂ ᠠᠯᠠᠰᠢᠨ ᠭᠠᠭ᠋ᠠᠢ ᠶᠢᠨ | ᠭᠠᠷᠭᠠᠯᠲᠠ ᠶᠢᠨ ᠬᠡᠮᠵᠢᠶ᠎ᠡ ᠨᠢ 80 ᠲᠦᠮᠡ ᠶᠢ ᠳᠠᠪᠠᠵᠠᠢ᠃ 2024 ᠤᠨ ᠳᠤ ᠮᠠᠨ ᠤ ᠤᠷᠤᠨ ᠭᠠᠭ᠋ᠠᠶ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ | ᠲᠣᠬᠢᠷᠠᠭᠤᠯᠤᠨ ᠡᠵᠡᠮᠳᠡᠬᠦ ᠠᠵᠢᠯ ᠳᠤ ᠢᠯᠡᠳᠲᠡ ᠦᠷ᠎ᠡ ᠪᠦᠲᠦᠮᠵᠢ ᠣᠯᠵᠤ᠂ ᠲᠡᠵᠢᠭᠡᠪᠤᠷᠢ ᠶᠢᠨ ᠲᠠᠯᠠᠪᠠᠶ ︵ᠡᠷᠦᠬᠡ︶ ᠪᠦᠬᠦᠨ ᠨᠡᠶᠢᠳᠡᠮ ᠳᠡᠭᠡᠨ ᠠᠰᠢᠭ | ᠣᠯᠵᠠᠪᠤᠷᠢ ᠲᠠᠢ ᠪᠠᠶᠢᠵᠤ᠂ ᠠᠯᠠᠰᠢᠨ ᠭᠠᠭ᠋ᠠᠢ ᠲᠡᠵᠢᠭᠡᠨ ᠦᠷᠡᠵᠢᠭᠦᠯᠬᠦ ᠬᠡᠪᠴᠢᠶ᠎ᠡ ᠲᠦᠷᠭᠡᠨ ᠢᠶᠠᠷ ᠨᠡᠮᠡᠭᠳᠡᠪᠡ᠃ ᠪᠥᠬᠦ ᠵᠢᠯ ᠳᠤ ᠪᠦᠬᠦ ᠤᠷᠤᠨ ᠤ ᠠᠯᠠᠰᠢᠨ | ᠭᠠᠭ᠋ᠠᠢ ᠶᠢᠨ ᠭᠠᠷᠭᠠᠯᠲᠠ ᠶᠢᠨ ᠬᠡᠮᠵᠢᠶ᠎ᠡ 958.9 ᠲᠦᠮᠡ ᠳᠤ ᠬᠦᠷᠴᠤ᠂ ᠳᠡᠭᠡᠷ᠎ᠡ ᠵᠢᠯ ᠤᠨ ᠬᠢ ᠠᠴᠠ ᠪᠠᠨ 5.4% ᠪᠠᠷ ᠨᠡᠮᠡᠭᠳᠡᠨ᠂ ᠭᠠᠭ᠋ᠠᠢ ᠶᠢᠨ ᠮᠢᠬᠠᠨ ᠤ | ᠭᠠᠷᠤᠯᠲᠠ 80.6 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 6.5% ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠢᠴᠡᠳ | ᠬᠠᠩᠭᠠᠪᠠ᠃ ᠨᠢᠬᠡᠳᠤᠯᠳᠠᠢ ᠬᠤᠳᠠᠯᠳᠤᠵᠤ ᠠᠪᠤᠭᠰᠠᠨ ᠲᠠᠬᠢᠶ᠎ᠠ ᠪᠠᠨ ᠠᠯᠠᠬᠤ᠂ ᠤᠬᠢᠶᠠᠬᠤ᠂ ᠬᠠᠳᠠᠭᠠᠬᠤ ᠵᠡᠷᠭᠡ ᠶᠠᠪᠤᠴᠠ ᠶᠢ ᠦᠩᠭᠡᠷᠡᠭᠦᠯᠦᠬᠡᠳ | ᠦᠢᠯᠡᠳᠪᠦᠷᠢᠯᠡᠯ ᠤᠨ ᠱᠤᠭᠤᠮ ᠢᠶᠠᠷ ᠰᠢᠭᠤᠳ ᠤᠲᠤᠵᠤ ᠰᠢᠭᠦᠰᠦᠯᠡᠬᠦ ᠲᠠᠰᠤᠭ ᠲᠤ ᠬᠦᠷᠬᠡᠬᠦ ᠳᠤ ᠠᠵᠢᠯᠴᠢᠳ ᠳᠠᠷᠤᠪᠴᠢ ᠶᠢ ᠳᠠᠷᠤᠭᠰᠠᠭᠠᠷ ᠰᠢᠭᠦᠰᠦᠯᠡᠬᠦ ᠪᠠ | ᠣᠲᠣᠬᠤ ᠠᠵᠢᠯ ᠢ ᠪᠡᠶᠡᠯᠡᠭᠦᠯᠴᠢᠬᠡᠨᠠ᠃ ᠲᠦᠷᠦᠭᠦᠬᠡᠨ ᠵᠦᠸᠧᠽᠢ ᠰᠢᠶᠠᠨ ᠤ ᠵᠤᠰᠤᠲᠤ ᠶᠢᠨ ᠠᠭᠤᠯᠠ ᠪᠠᠯᠭᠠᠰᠤ ᠶᠢᠨ ᠤᠲᠤᠮᠠᠯ ᠰᠢᠭᠦᠰᠦᠯᠡᠭᠰᠡᠨ ᠢᠳᠡᠭᠡᠨ ᠤ ᠠᠵᠤ | ᠦᠢᠯᠡᠰ ᠤᠨ ᠬᠦᠷᠢᠶᠡᠯᠡᠩ ᠤᠨ ᠡᠳᠦᠷ ᠤᠨ 3 ᠲᠦᠮᠡᠨ ᠤᠲᠤᠮᠠᠯ ᠲᠠᠬᠢᠶ᠎ᠠ ᠪᠤᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠠᠰᠢᠭᠯᠠᠯᠳᠠ ᠳᠤ ᠤᠷᠤᠯ᠎ᠠ᠃ | ᠤᠢᠢᠷ᠎ᠠ ᠶᠢᠨ ᠵᠢᠯ ᠳᠤ ᠵᠦᠸᠧᠽᠢ ᠰᠢᠶᠠᠨ ᠤᠲᠤᠮᠠᠯ ᠲᠠᠬᠢᠶ᠎ᠠ ᠶᠢᠨ ᠠᠵᠤ ᠦᠢᠯᠡᠰ ᠢ ᠪᠦᠬᠦ ᠰᠢᠶᠠᠨ ᠤ ᠪᠠᠨ ᠲᠡᠷᠢᠭᠦᠨ ᠴᠢᠬᠤᠯᠠ ᠠᠵᠤ ᠦᠢᠯᠡᠰ ᠪᠣᠯᠭᠠᠨ | ᠬᠦᠭᠵᠢᠭᠦᠯᠦᠨ ᠪᠤᠵᠠᠭᠠᠶᠢᠷᠠᠭᠤᠯᠵᠤ᠂ ︽ᠵᠦᠸᠧᠽᠢ ᠶᠢᠨ ᠤᠲᠤᠮᠠᠯ ᠲᠠᠬᠢᠶ᠎ᠠ︾ ᠶᠢᠨ ᠲᠦᠷᠦᠯ ᠲᠡᠮᠳᠡᠭ ᠬᠤᠯᠠ ᠤᠶᠢᠷ᠎ᠠ ᠳᠤ ᠠᠯᠳᠠᠷᠰᠢᠪᠠ᠃ ᠡᠨᠡ ᠬᠤᠶᠠᠷ ᠵᠢᠯ ᠳᠤ | ᠵᠦᠸᠧᠽᠢ ᠶᠢᠨ ᠤᠲᠤᠮᠠᠯ ᠲᠠᠬᠢᠶ᠎ᠠ ᠮᠡᠳᠤ ᠶᠢᠨ ᠵᠢᠬᠦᠷᠳᠡᠨ ᠤ ᠠᠰᠢᠭ ᠰᠢᠮ᠎ᠠ ᠶᠢᠨ ᠪᠦᠳᠦᠬᠡᠭᠳᠡᠬᠦᠨ ᠤ ᠬᠡᠷᠡᠭᠯᠡᠭᠡ ᠲᠤᠭᠳᠠᠭᠤᠨ ᠢᠶᠠᠷ ᠨᠡᠮᠡᠭᠳᠡᠵᠤ᠂ ᠵᠠᠬ᠎ᠠ ᠲᠠᠯᠬᠡᠬᠦᠷ ᠤᠨ | ᠦᠷ᠎ᠠ ᠠᠰᠢᠭ ᠨᠢ ᠲᠠᠬᠡᠭᠰᠢᠯᠡᠭᠰᠡᠨ ᠠᠴᠠ ᠲᠠᠵᠢᠬᠡᠪᠤᠷᠢ ᠶᠢᠨ ᠡᠷᠦᠬᠡ ᠶᠢᠨ ᠵᠢᠬᠦᠷᠳᠡᠨ ᠲᠠᠵᠢᠬᠡᠬᠦ ᠢᠳᠡᠪᠬᠢᠵᠢᠯ ᠢ ᠶᠡᠭᠡ ᠪᠠᠷ ᠲᠠᠶᠢᠴᠢᠯᠡᠪᠡ᠃ ᠪᠦᠷᠢᠳᠬᠡᠯ ᠢᠶᠠᠷ 2024 | ᠤᠨ ᠳᠤ ᠪᠦᠬᠦ ᠤᠷᠤᠨ ᠤ ᠡᠯ᠎ᠠ ᠭᠠᠵᠠᠷ ᠤᠨ ᠬᠢᠨ ᠨᠡᠶᠢᠳᠡ 12627 ᠲᠦᠮᠡᠨ ᠵᠢᠭᠦᠷᠲᠡᠨ ᠬᠤᠳᠠᠯᠳᠤᠨ ᠰᠶᠢᠳᠪᠤᠷᠢᠯᠡᠵᠤ᠂ ᠳᠡᠭᠡᠷ᠎ᠡ ᠵᠢᠯ ᠤᠨ ᠬᠢ ᠠᠴᠠ ᠪᠠᠨ 7. | 4% ᠪᠠᠷ ᠨᠡᠮᠡᠭᠳᠡᠨ᠂ ᠵᠢᠭᠦᠷᠲᠡᠨ ᠤ ᠮᠢᠬ᠎ᠠ ᠶᠢᠨ ᠭᠠᠷᠤᠯᠲᠠ 25.3 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 9.6% ᠪᠠᠷ ᠨᠡᠮᠡᠭᠳᠡᠭᠰᠡᠨ | ᠪᠠᠶᠢᠨ᠎ᠠ᠃ |