ᠰᠢᠯᠭᠠᠯᠲᠠ ᠠᠴᠠ ᠡᠮᠦᠨ᠎ᠡ ᠣᠷᠣᠢ ᠨᠢ ᠤᠨᠲᠠᠬᠤ ᠦᠭᠡᠢ ᠳᠠᠪᠲᠠᠬᠤ ᠨᠢ ᠰᠠᠶᠢᠨ ᠤᠤ ᠡᠰᠡᠬᠦᠯ᠎ᠡ ᠰᠠᠶᠢᠨ ᠤᠨᠲᠠᠵᠤ ᠠᠮᠠᠷᠠᠬᠤ ᠨᠢ ᠲᠠᠭᠠᠷᠠᠨ᠎ᠠ ᠤᠤ︖ | ᠠᠮᠧᠷᠢᠺᠠ ᠶᠢᠨ ᠮᠢᠰᠢᠢᠤᠭᠦᠨ ᠶᠡᠭᠡ ᠰᠤᠷᠭᠠᠭᠤᠯᠢ ᠶᠢᠨ ᠰᠤᠳᠤᠯᠭᠠᠲᠠᠳ ᠬᠤᠯᠤᠭᠠᠨ᠎ᠠ ᠳᠤ ᠲᠤᠷᠰᠢᠯᠲᠠ ᠬᠢᠬᠦ ᠪᠠᠷ ᠳᠠᠮᠵᠢᠨ ᠢᠯᠡᠷᠡᠭᠦᠯᠦᠭᠰᠡᠨ ᠨᠢ᠂ ᠨᠣᠶᠢᠷ ᠬᠦᠷᠦᠯᠴᠡᠬᠦ | ᠦᠭᠡᠢ ᠦᠶᠡᠰ᠂ ᠤᠷᠲᠤ ᠬᠤᠭᠤᠴᠠᠭᠠᠨ ᠤ ᠴᠡᠭᠡᠵᠢᠯᠡᠬᠦᠢ ᠳᠤ ᠬᠤᠯᠪᠣᠭᠳᠠᠬᠤ ᠶᠡᠭᠡ ᠲᠠᠷᠢᠬᠢᠨ ᠤ ᠨᠢᠭᠡ ᠵᠦᠢᠯ ᠤᠨ ᠵᠠᠩᠭᠢᠯᠠᠭ᠎ᠠ ᠶᠢᠨ ᠳᠣᠬᠢᠶ᠎ᠠ ᠨᠢ ᠪᠠᠭᠤᠷᠠᠵᠤ᠂ | ᠨᠣᠶᠢᠷ ᠬᠤᠯᠵᠢᠭᠰᠠᠨ ᠠᠴᠠ ᠪᠣᠯᠤᠭᠰᠠᠨ ᠤ ᠳᠠᠷᠠᠭᠠᠬᠢ ᠬᠡᠪ ᠤᠨ ᠤᠨᠲᠠᠯᠭ᠎ᠠ ᠨᠢ ᠴᠦ ᠡᠶᠢᠮᠦ ᠳᠣᠬᠢᠶ᠎ᠠ ᠶᠢ ᠪᠦᠷᠢᠮᠦᠰᠦᠨ ᠰᠡᠷᠭᠦᠭᠡᠵᠦ ᠳᠡᠶᠢᠯᠬᠦ ᠦᠭᠡᠢ ᠪᠤᠯᠳᠠᠭ᠃ | ᠰᠤᠳᠤᠯᠭᠠᠨ ᠤ ᠳ᠋ᠦᠩ ᠨᠢ ᠤᠨᠲᠠᠯᠭ᠎ᠠ ᠶᠢᠨ ᠴᠡᠭᠡᠵᠢᠯᠡᠬᠦᠢ ᠶᠢᠨ ᠴᠢᠳᠠᠪᠤᠷᠢ ᠪᠦᠷᠢᠯᠳᠦᠬᠦ ᠶᠠᠪᠤᠴᠠ ᠳᠠᠬᠢ ᠵᠠᠩᠭᠢᠯᠠᠭ᠎ᠠ ᠶᠢᠨ ᠦᠢᠯᠡᠳᠦᠯ ᠢ | ᠲᠠᠶᠢᠯᠪᠤᠷᠢᠯᠠᠬᠤ ᠳᠤ ᠲᠤᠰᠠᠲᠠᠢ ᠪᠥᠭᠡᠳ ᠵᠣᠬᠢᠬᠤ ᠡᠮᠴᠢᠯᠡᠭᠡᠨ ᠤ ᠠᠷᠭ᠎ᠠ ᠶᠢ ᠡᠷᠢᠵᠦ ᠣᠯᠬᠤ ᠳᠤ ᠰᠠᠭᠤᠷᠢ ᠶᠢ ᠲᠠᠯᠪᠢᠵᠤ ᠥᠭᠴᠡᠢ᠃ ᠶᠡᠭᠡ ᠲᠠᠷᠢᠬᠢᠨ ᠤ | ᠮᠡᠳᠡᠷᠡᠯ ᠤᠨ ᠨᠢᠭᠡᠴᠢ ᠨᠢ ᠳᠡᠭᠡᠳᠦ ᠬᠡᠮᠵᠢᠶ᠎ᠡ ᠪᠠᠷ ᠬᠠᠷᠢᠯᠴᠠᠨ ᠬᠤᠯᠪᠣᠯᠳᠤᠵᠤ᠂ ᠦᠷᠭᠦᠯᠵᠢ ᠵᠢᠮ᠎ᠡ ᠶᠣᠰᠣ ᠲᠠᠢ ᠪᠤᠶᠤ ᠳᠠᠪᠲᠠᠬᠤ ᠵᠠᠭᠪᠤᠷ ᠢᠶᠠᠷ ᠬᠠᠮᠲᠤ ᠪᠠᠷ | ᠨᠢᠷᠭᠡᠯᠭᠡᠨ ᠡᠭᠦᠰᠬᠡᠵᠦ᠂ ᠲᠡᠭᠦᠨ ᠤ ᠳᠣᠲᠣᠷᠠᠬᠢ ᠨᠢᠭᠡ ᠵᠦᠢᠯ ᠤᠨ ᠨᠢᠷᠭᠡᠯᠭᠡᠨ ᠡᠭᠦᠰᠬᠡᠬᠦ ᠵᠠᠭᠪᠤᠷ ᠢ ︽ᠱᠣᠪᠬᠤ ᠳᠣᠯᠭᠢᠶᠠᠨᠲᠤ ᠢᠷᠠᠯᠵᠢ︾ ᠭᠡᠳᠡᠭ᠃ ᠲᠤᠰ ᠵᠠᠭᠪᠤᠷ ᠤᠨ | ᠳᠣᠣᠷ᠎ᠠ᠂ ᠨᠢᠭᠡ ᠪᠦᠯᠦᠭ ᠮᠡᠳᠡᠷᠡᠯ ᠤᠨ ᠨᠢᠭᠡᠴᠢ ᠨᠢ ᠲᠤᠶᠢᠯ ᠤᠨ ᠴᠢᠩᠭ᠎ᠠ ᠠᠳᠠᠯᠢ ᠠᠯᠬᠤᠮᠲᠤ ᠴᠢᠨᠠᠷ ᠢᠶᠠᠷ ᠨᠢᠷᠭᠡᠯᠭᠡᠨ ᠡᠭᠦᠰᠬᠡᠵᠦ᠂ ᠳᠠᠷᠠᠭ᠎ᠠ ᠨᠢ ᠨᠥᠭᠦᠭᠡ ᠨᠢᠭᠡ | ᠪᠦᠯᠦᠭ ᠮᠡᠳᠡᠷᠡᠯ ᠤᠨ ᠨᠢᠭᠡᠴᠢ ᠨᠢ ᠲᠡᠭᠦᠨ ᠤ ᠲᠠᠷᠠᠭ᠎ᠠ ᠠᠳᠠᠯᠢ ᠠᠯᠬᠤᠮᠲᠤ ᠨᠢᠷᠭᠡᠯᠭᠡᠨ ᠡᠭᠦᠰᠬᠡᠬᠦ ᠪᠥᠭᠡᠳ ᠲᠡᠬᠢᠨ ᠳᠠᠪᠲᠠᠨ ᠣᠨᠴᠠᠭᠠᠢ ᠠᠶᠢᠵᠠᠮ ᠴᠣᠬᠢᠯᠭ᠎ᠠ ᠶᠢ | ᠪᠥᠷᠢᠯᠳᠦᠭᠦᠯᠳᠡᠭ᠃ ︽ᠱᠣᠪᠬᠤ ᠳᠣᠯᠭᠢᠶᠠᠨᠲᠤ ᠢᠷᠠᠯᠵᠢ︾ ᠨᠢ ᠦᠷᠬᠦᠯᠵᠢ ᠶᠡᠭᠡ ᠲᠠᠷᠢᠬᠢᠨ ᠤ ᠴᠡᠭᠡᠵᠢᠯᠡᠬᠦᠢ ᠶᠢᠨ ᠴᠢᠳᠠᠪᠤᠷᠢ ᠪᠣᠯᠵᠤ ᠪᠦᠷᠢᠯᠳᠦᠬᠦ ᠵᠠᠩᠭᠢᠯᠠᠭ᠎ᠠ ᠶᠢᠨ | ᠲᠣᠭᠤᠷᠢᠭ - ᠲᠠᠷᠢᠬᠢᠨ ᠬᠥᠩᠬᠦᠷ ᠤᠨ ᠴᠣᠭᠴᠠ ᠳᠤ ᠡᠭᠦᠰᠴᠦ᠂ ᠤᠷᠲᠤ ᠬᠤᠭᠤᠴᠠᠭᠠᠨ ᠤ ᠴᠡᠭᠡᠵᠢᠯᠡᠪᠦᠷᠢ ᠠᠳᠡ ᠬᠠᠳᠠᠭᠠᠯᠠᠭᠳᠠᠨ᠎ᠠ᠃ | ᠨᠣᠶᠢᠷ ᠬᠤᠯᠵᠢᠬᠤ ᠨᠢ ᠴᠡᠭᠡᠵᠢᠯᠡᠬᠦ ᠴᠢᠳᠠᠪᠤᠷᠢ ᠶᠢ ᠨᠥᠯᠥᠭᠡᠯᠡᠬᠦ ᠬᠡᠮᠵᠢᠶ᠎ᠡ ᠶᠢ ᠴᠢᠨᠠᠭᠰᠢᠳᠠ ᠣᠶᠢᠯᠠᠭᠠᠬᠤ ᠶᠢᠨ ᠲᠥᠯᠥᠭᠡ᠂ ᠮᠢᠰᠢᠢᠤᠭᠦᠨ ᠶᠡᠭᠡ | ᠰᠤᠷᠭᠠᠭᠤᠯᠢ ᠶᠢᠨ ᠰᠤᠳᠤᠯᠭᠠᠲᠠᠳ 7 ᠬᠤᠯᠤᠭᠠᠨ᠎ᠠ ᠶᠢᠨ ᠬᠡᠳᠦᠨ ᠭᠠᠷᠠᠭ ᠤᠨ ᠳᠣᠲᠣᠷ᠎ᠠ ᠲᠥᠭᠡᠷᠢᠯ ᠣᠷᠳᠣᠨ ᠳᠤ ᠲᠡᠨᠦᠭᠦᠴᠢᠯᠡᠬᠦ ᠦᠶ᠎ᠡ ᠶᠢᠨ ᠮᠡᠳᠡᠷᠡᠯ ᠤᠨ | ᠨᠢᠭᠡᠴᠢ ᠶᠢᠨ ᠠᠵᠢᠯᠯᠠᠭ᠎ᠠ ᠶᠢ ᠲᠡᠮᠳᠡᠭᠯᠡᠵᠦ᠂ ᠤᠨᠲᠠᠯᠭ᠎ᠠ ᠶᠢᠨ ᠬᠠᠷᠰᠢᠯᠠᠯ ᠲᠠᠢ ᠦᠶ᠎ᠡ ᠪᠠ ᠬᠡᠪ ᠤᠨ ᠤᠨᠲᠠᠯᠭ᠎ᠠ ᠶᠢᠨ ᠦᠶ᠎ᠡ ᠭᠡᠬᠦ ᠬᠤᠶᠠᠷ ᠳᠤᠭᠤᠶᠢᠯᠠᠩ ᠬᠤᠪᠢᠶᠠᠵᠤ | ᠲᠡᠮᠳᠡᠭᠯᠡᠪᠡ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠤᠨᠲᠠᠯᠭ᠎ᠠ ᠶᠢᠨ ᠬᠠᠷᠰᠢᠯᠠᠯ ᠲᠠᠢ ᠲᠤᠷᠰᠢᠯᠲᠠ ᠶᠢᠨ ᠬᠤᠯᠤᠭᠠᠨ᠎ᠠ ᠶᠢᠨ ︽ᠱᠣᠪᠬᠤ ᠳᠣᠯᠭᠢᠶᠠᠨ ᠢᠷᠠᠯᠵᠢ︾ | ᠶᠢᠨ ᠮᠡᠳᠡᠷᠡᠯ ᠤᠨ ᠨᠢᠭᠡᠴᠢ ᠶᠢᠨ ᠡᠭᠦᠰᠬᠡᠭᠰᠡᠨ ᠳᠣᠬᠢᠶ᠎ᠠ ᠨᠢ ᠨᠡᠯᠢᠶᠡᠳ ᠪᠠᠭᠤᠷᠠᠢ ᠪᠥᠭᠡᠳ ᠵᠣᠬᠢᠶᠠᠨ ᠪᠠᠶᠢᠭᠤᠯᠤᠯᠲᠠ ᠶᠢᠨ ᠴᠢᠨᠠᠷ ᠨᠢ ᠨᠡᠯᠢᠶᠡᠳ ᠠᠨᠠᠢ ᠪᠠᠶᠢᠵᠤ᠂ | ᠮᠡᠳᠡᠷᠡᠯ ᠤᠨ ᠨᠢᠭᠡᠴᠢ ᠶᠢᠨ ᠨᠢᠷᠭᠡᠯᠭᠡᠨ ᠡᠭᠦᠰᠬᠡᠬᠦ ᠵᠠᠭᠪᠤᠷ ᠨᠢ ᠢᠯᠡᠳᠲᠡ ᠳᠣᠷᠣᠭᠰᠢᠯᠠᠵᠤ᠂ ᠳᠠᠷᠤᠢ ︽ᠥᠩᠭᠡᠷᠡᠭᠰᠡᠨ ᠢ ᠲᠡᠬᠢᠨ ᠢᠯᠡᠷᠡᠭᠦᠯᠬᠦ︾ ᠴᠢᠳᠠᠪᠤᠷᠢ ᠨᠢ | ᠬᠤᠷᠢᠭᠯᠠᠭᠳᠠᠪᠠ᠃ ᠡᠳᠡᠭᠡᠷ ᠲᠤᠷᠰᠢᠯᠲᠠ ᠶᠢᠨ ᠬᠤᠯᠤᠭᠠᠨ᠎ᠠ ᠬᠡᠪ ᠤᠨ ᠪᠠᠶᠢᠳᠠᠯ ᠳᠠᠭᠠᠨ ᠣᠷᠣᠭᠰᠠᠨ ᠤ ᠳᠠᠷᠠᠭ᠎ᠠ᠂ ᠡᠶᠢᠮᠦᠷᠬᠦᠦ ᠳᠣᠬᠢᠶᠠᠨ ᠤ ᠬᠢᠷᠢ ᠲᠦᠪᠰᠢᠨ ᠨᠢ | ᠬᠡᠳᠦᠶᠢᠪᠡᠷ ᠰᠡᠷᠭᠦᠭᠰᠡᠨ ᠪᠣᠯᠪᠠᠴᠤ ᠬᠡᠪ ᠤᠨ ᠤᠨᠲᠠᠯᠭ᠎ᠠ ᠲᠠᠢ ᠬᠤᠯᠤᠭᠠᠨ᠎ᠠ ᠶᠢᠨ ᠬᠢᠷᠢ ᠲᠦᠪᠰᠢᠨ ᠳᠤ ᠬᠦᠷᠴᠦ ᠳᠡᠶᠢᠯᠬᠦ ᠦᠭᠡᠢ ᠪᠣᠯᠵᠠᠢ᠃ | ᠰᠤᠳᠤᠯᠭᠠᠲᠠᠳ᠂ ᠡᠨᠡ ᠨᠢ ᠣᠢ ᠴᠡᠭᠡᠵᠢᠯᠡᠪᠦᠷᠢ ᠨᠢ ᠲᠠᠰᠤᠷᠠᠯᠳᠠ ᠦᠭᠡᠢ ᠬᠤᠶᠢᠨᠠᠬᠢ ᠬᠤᠭᠤᠴᠠᠭᠠᠨ ᠤ ᠰᠢᠢᠳᠪᠦᠷᠢᠯᠡᠯᠲᠡ ᠶᠢ ᠥᠩᠭᠡᠷᠡᠭᠡᠨ᠎ᠡ᠂ ᠡᠶᠢᠮᠦᠷᠬᠦᠦ | ᠬᠤᠶᠢᠨᠠᠬᠢ ᠬᠤᠭᠤᠴᠠᠭᠠᠨ ᠤ ᠰᠢᠢᠳᠪᠦᠷᠢᠯᠡᠯᠲᠡ ᠶᠢ ᠥᠩᠭᠡᠷᠡᠭᠡᠬᠦ ᠨᠢ ᠮᠠᠰᠢ ᠴᠢᠬᠤᠯᠠ᠂ ᠡᠶᠢᠮᠦ ᠠᠴᠠ ᠰᠢᠯᠭᠠᠯᠲᠠ ᠠᠴᠠ ᠡᠮᠦᠨ᠎ᠡ ᠤᠨᠲᠠᠬᠤ ᠦᠭᠡᠢ ᠳᠠᠪᠲᠠᠬᠤ ᠨᠢ | ᠨᠢᠭᠡ ᠵᠦᠢᠯ ᠤᠨ ᠦᠷ᠎ᠡ ᠪᠦᠳᠦᠮᠵᠢ ᠦᠭᠡᠢ ᠠᠷᠭ᠎ᠠ ᠪᠣᠳᠣᠯᠭ᠎ᠠ ᠪᠣᠯᠣᠨ᠎ᠠ ᠭᠡᠵᠦ ᠢᠯᠡᠳᠬᠡᠪᠡ᠃ ᠬᠤᠯᠪᠣᠭᠳᠠᠯ ᠪᠦᠬᠦᠢ ᠰᠤᠳᠤᠯᠭᠠᠨ ᠤ ᠳ᠋ᠦᠩ ᠨᠢ ᠠᠩᠭ᠍ᠯᠢ ᠶᠢᠨ ︽ | ᠪᠠᠶᠢᠭᠠᠯᠢ︾ ᠰᠡᠳᠬᠦᠯ ᠳᠡᠭᠡᠷ᠎ᠡ ᠨᠡᠶᠢᠲᠡᠯᠡᠭᠳᠡᠪᠡ᠃ | | | |