ᠬᠡᠦᠬᠡᠳ ᠨᠠᠷᠠᠰᠢᠬᠤ ᠠᠴᠠ ᠰᠡᠷᠭᠡᠶᠢᠯᠡᠬᠦ ᠳᠤ ᠳᠣᠣᠷᠠᠬᠢ ᠵᠢᠷᠭᠤᠭᠠᠨ ᠲᠠᠯ᠎ᠠ ᠶᠢ ᠠᠩᠬᠠᠷᠬᠤ ᠬᠡᠷᠡᠭᠲᠡᠢ
ᠨᠡᠶᠢᠲᠡᠯᠡᠭᠰᠡᠨ ᠴᠠᠭ᠄
2025/3/24
       ᠣᠳᠣᠬᠠᠨ ᠳᠤ ᠪᠡᠭᠡᠵᠢᠩ᠂ ᠾᠧᠪᠧᠢ ᠵᠡᠷᠭᠡ ᠭᠠᠵᠠᠷ ᠲᠤ ᠠᠭᠠᠭᠢᠮ᠎ᠠ ᠬᠠᠯᠠᠭᠤᠨ ᠴᠠᠭ ᠠᠭᠤᠷ ᠦᠷᠭᠦᠯᠵᠢᠯᠡᠵᠦ ᠪᠠᠶᠢᠨ᠎ᠠ᠃ ᠤᠯᠤᠰ ᠤᠨ ᠡᠪᠡᠳᠴᠢᠨ  ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠡᠷᠡᠭᠦᠯ ᠮᠡᠨᠳᠦ ᠶᠢᠨ ᠰᠠᠨᠠᠭᠤᠯᠤᠮᠵᠢ ᠨᠡᠶᠢᠲᠡᠯᠡᠵᠦ᠂ ᠬᠡᠦᠬᠡᠳ ᠤᠨ ᠨᠠᠷᠠᠰᠢᠬᠤ ᠪᠣᠯ ᠪᠠᠭ᠎ᠠ ᠶᠠᠪᠤᠳᠠᠯ ᠪᠢᠰᠢ᠂ ᠭᠡᠷ ᠤᠨ  ᠠᠬᠠᠮᠠᠳ ᠨᠠᠷ ᠬᠡᠦᠬᠡᠳ ᠤᠨ ᠨᠠᠷᠠᠰᠢᠬᠤ ᠶᠢ ᠤᠷᠢᠳᠴᠢᠯᠠᠨ ᠰᠡᠷᠭᠡᠶᠢᠯᠡᠬᠦ᠂ ᠨᠠᠷᠠᠰᠢᠭᠰᠠᠨ ᠪᠠᠶᠢᠳᠠᠯ ᠢ ᠢᠯᠭᠠᠨ ᠲᠠᠨᠢᠬᠤ ᠵᠢᠴᠢ ᠨᠠᠷᠠᠰᠢᠭᠰᠠᠨ ᠬᠡᠦᠬᠡᠳ ᠢ ᠬᠡᠷᠬᠢᠨ  ᠠᠰᠠᠷᠠᠨ ᠬᠠᠷᠠᠭᠠᠯᠵᠠᠬᠤ ᠲᠤᠬᠠᠢ ᠮᠡᠳᠡᠯᠭᠡ ᠶᠢ ᠣᠶᠢᠯᠠᠭᠠᠬᠤ ᠬᠡᠷᠡᠭᠲᠡᠢ ᠭᠡᠵᠡᠢ᠃        ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ ᠸᠠᠩ ᠴᠢᠤᠸᠠᠨ ᠢᠯᠡᠷᠬᠡᠶᠢᠯᠡᠬᠦ ᠳᠡᠭᠡᠨ᠂ ᠬᠡᠦᠬᠡᠳ᠂ ᠵᠢᠷᠮᠦᠰᠦᠨ ᠪᠠ  ᠬᠥᠩᠭᠡᠵᠢᠭᠰᠡᠨ ᠡᠮᠡᠭᠲᠡᠢ᠂ ᠨᠠᠰᠤᠲᠠᠶᠢᠴᠤᠳ᠂ ᠤᠳᠠᠭᠠᠨ ᠴᠢᠨᠠᠷᠲᠠᠢ ᠰᠠᠭᠤᠷᠢ ᠴᠢᠨᠠᠷᠲᠠᠢ ᠡᠪᠡᠳᠴᠢᠲᠡᠨ ᠵᠢᠴᠢ ᠭᠡᠷ ᠤᠨ ᠭᠠᠳᠠᠨ᠎ᠠ ᠠᠵᠢᠯᠯᠠᠳᠠᠭ ᠠᠵᠢᠯᠲᠠᠨ ᠵᠡᠷᠭᠡ  ᠬᠥᠮᠥᠰ ᠨᠠᠩ ᠠᠮᠠᠷᠬᠠᠨ ᠨᠠᠷᠠᠰᠢᠬᠤ ᠪᠣᠯᠬᠤᠷ ᠲᠣᠰ ᠪᠡᠶ᠎ᠡ ᠶᠢᠨ ᠡᠷᠡᠭᠦᠯ ᠮᠡᠨᠳᠦ ᠶᠢᠨ ᠰᠡᠷᠭᠡᠶᠢᠯᠡᠯᠲᠡ ᠪᠠᠨ ᠣᠨᠴᠠᠭᠠᠶ ᠴᠢᠩᠭᠠᠳᠬᠠᠬᠤ ᠬᠡᠷᠡᠭᠲᠡᠢ ᠭᠡᠵᠡᠢ᠃ ᠢᠯᠠᠩᠭᠤᠶ᠎ᠠ  ᠬᠡᠦᠬᠡᠳ ᠤᠨ ᠪᠡᠶ᠎ᠡ ᠮᠠᠬᠠᠪᠤᠳ ᠨᠢ ᠨᠠᠰᠤᠨ ᠳᠤ ᠬᠦᠷᠦᠭᠰᠡᠳ ᠲᠠᠢ ᠠᠳᠠᠯᠢ ᠦᠭᠡᠢ ᠪᠠᠶᠢᠵᠤ᠂ ᠲᠡᠳᠡᠨ ᠤ ᠰᠢᠨ᠎ᠡ ᠬᠠᠭᠤᠴᠢᠨ ᠤ ᠰᠣᠯᠢᠯᠴᠠᠭ᠎ᠠ ᠨᠢ ᠲᠦᠷᠭᠡᠨ᠂  ᠬᠥᠯᠥᠰᠦᠨ ᠪᠤᠯᠴᠢᠷᠬᠠᠢ ᠶᠢᠨ ᠪᠤᠶᠢᠵᠢᠯᠲᠠ ᠨᠢ ᠬᠠᠷᠠᠬᠠᠨ ᠪᠣᠯᠪᠠᠰᠤᠷᠠᠭᠠᠳᠤᠢ᠂ ᠪᠡᠶ᠎ᠡ ᠶᠢᠨ ᠳᠤᠯᠠᠭᠠᠨ ᠢ ᠲᠣᠬᠢᠷᠠᠭᠤᠯᠬᠤ ᠰᠢᠰᠲ᠋ᠧᠮ ᠨᠢ ᠪᠤᠶᠢᠵᠢᠯᠲᠠ ᠳᠠᠭᠠᠨ ᠪᠠᠶᠢᠬᠤ  ᠤᠴᠢᠷ ᠠᠴᠠ ᠨᠡᠩ ᠠᠮᠠᠷᠬᠠᠨ ᠨᠠᠷᠠᠰᠢᠳᠠᠭ᠃ ᠬᠡᠷᠬᠢᠨ ᠬᠡᠦᠬᠡᠳ ᠤᠨ ᠨᠠᠷᠠᠰᠢᠬᠤ ᠠᠴᠠ ᠰᠡᠷᠭᠡᠶᠢᠯᠡᠬᠦ ᠪᠣᠶ︖        ᠡᠷᠡᠭᠦᠯ ᠮᠡᠨᠳᠦ ᠶᠢᠨ ᠰᠠᠨᠠᠭᠤᠯᠤᠮᠵᠢ ᠶᠢ ᠦᠨᠳᠦᠰᠦᠯᠡᠪᠡᠯ᠂ ᠭᠡᠷ ᠤᠨ ᠭᠠᠳᠠᠨᠠᠬᠢ ᠬᠥᠳᠡᠯᠭᠡᠭᠡᠨ ᠤ ᠴᠠᠭ ᠪᠠ ᠭᠠᠵᠠᠷ᠂ ᠥᠨᠳᠥᠷ ᠳᠤᠯᠠᠭᠠᠨ᠂ ᠴᠢᠬᠢᠭ ᠶᠡᠬᠡᠲᠡᠢ  ᠠᠭᠤᠷ ᠠᠮᠢᠰᠬᠤᠯ ᠢ ᠪᠠᠭᠲᠠᠭᠠᠭᠰᠠᠨ ᠵᠢᠷᠭᠤᠭᠠᠨ ᠲᠠᠯ᠎ᠠ ᠶᠢ ᠠᠩᠬᠠᠷᠬᠤ ᠬᠡᠷᠡᠭᠲᠡᠢ︔ ᠬᠥᠩᠭᠡᠨ᠂ ᠠᠭᠤᠵᠢᠭᠤ᠂ ᠭᠦᠢᠬᠡᠨ ᠥᠩᠭᠡ ᠲᠠᠢ᠂ ᠠᠭᠠᠷ ᠨᠡᠪᠲᠡᠷᠡᠬᠦ  ᠬᠤᠪᠴᠠᠰᠤ ᠡᠮᠦᠰᠴᠦ᠂ ᠴᠠᠭ ᠲᠤᠬᠠᠢ ᠳᠤᠨᠢ ᠬᠥᠯᠥᠰᠦᠨ ᠳᠤ ᠳᠡᠪᠲᠦᠭᠰᠡᠨ ᠬᠤᠪᠴᠠᠰᠤ ᠪᠠᠨ ᠰᠣᠯᠢᠨ᠎ᠠ︔ ᠬᠡᠦᠬᠡᠳ ᠤᠨ ᠭᠦᠢᠴᠡᠳ ᠤᠰᠤ ᠤᠤᠭᠤᠬᠤ ᠶᠢ  ᠪᠠᠲᠤᠯᠠᠵᠤ᠂ ᠤᠰᠤ ᠪᠤᠶᠤ ᠴᠠᠬᠢᠯᠭᠠᠨ ᠵᠠᠳᠠᠯᠤᠭᠳᠠᠬᠤᠨ ᠤᠮᠳᠠᠭᠠᠨ ᠤᠤᠭᠤᠬᠤ ᠨᠢ ᠲᠣᠬᠢᠷᠠᠮᠵᠢᠲᠠᠢ︔ ᠥᠭᠡᠬᠦ ᠲᠣᠰᠣ ᠪᠠᠭᠠᠲᠠᠢ ᠰᠢᠩᠭᠡᠭᠡᠬᠦ ᠳᠤ ᠬᠢᠯᠪᠠᠷ ᠢᠳᠡᠭᠡᠨ ᠢ  ᠢᠯᠡᠭᠦᠬᠡᠨ ᠢᠳᠡᠭᠦᠯᠪᠡᠯ ᠵᠣᠬᠢᠨ᠎ᠠ︔ ᠬᠡᠦᠬᠡᠳ ᠤᠨ ᠭᠦᠢᠴᠡᠳ ᠠᠮᠠᠷᠠᠬᠤ ᠶᠢ ᠪᠠᠲᠤᠯᠠᠬᠤ ᠬᠡᠷᠡᠭᠲᠡᠢ︔ ᠣᠳᠣᠬᠠᠨ ᠳᠤ ᠨᠡᠶᠢᠳᠡᠮ ᠮᠡᠳᠡᠷᠡᠭᠳᠡᠭᠰᠡᠨ ᠬᠡᠦᠬᠡᠳ ᠤᠨ  ᠨᠠᠷᠠᠰᠢᠬᠤ ᠳᠤ ᠲᠣᠬᠢᠷᠠᠬᠤ ᠡᠮ ᠭᠡᠵᠦ ᠪᠠᠶᠢᠬᠤ ᠦᠭᠡᠢ᠂ ᠭᠡᠷ ᠤᠨ ᠠᠬᠠᠮᠠᠳ ᠤᠳ ᠬᠡᠦᠬᠡᠳ ᠲᠡᠭᠡᠨ ᠳᠤᠷ᠎ᠠ ᠪᠠᠷ ᠢᠶᠠᠨ ︽ᠨᠠᠷᠠᠰᠢᠬᠤ ᠠᠴᠠ ᠰᠡᠷᠭᠡᠶᠢᠯᠡᠬᠦ ᠡᠮ︾  ᠤᠤᠭᠤᠯᠭᠠᠵᠤ ᠪᠣᠯᠬᠤ ᠦᠭᠡᠢ᠃ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠨᠠᠷᠠᠰᠢᠬᠤ ᠶᠢ ᠤᠷᠢᠲᠠᠯ ᠰᠢᠨᠵᠢᠲᠦ ᠨᠠᠷᠠᠰᠢᠬᠤ᠂ ᠬᠥᠩᠭᠡᠨ ᠨᠠᠷᠠᠰᠢᠬᠤ ᠪᠠ  ᠬᠦᠨᠳᠦ ᠨᠠᠷᠠᠰᠢᠬᠤ ᠵᠡᠷᠭᠡ ᠱᠠᠲᠤ ᠬᠤᠪᠢᠶᠠᠳᠠᠭ᠃ ᠥᠨᠳᠥᠷ ᠳᠤᠯᠠᠭᠠᠨ᠂ ᠥᠨᠳᠥᠷ ᠴᠢᠭᠢᠭᠯᠢᠭ ᠣᠷᠴᠢᠨ ᠲᠣᠭᠤᠷᠢᠨ ᠢᠯᠡᠷᠡᠭᠰᠡᠨ ᠤ ᠳᠠᠷᠠᠭ᠎ᠠ᠂ ᠬᠡᠦᠬᠡᠳ ᠤᠳ  ᠶᠠᠳᠠᠷᠠᠵᠤ ᠲᠠᠮᠢᠷᠳᠠᠬᠤ᠂ ᠲᠣᠯᠣᠭᠠᠢ ᠡᠷᠭᠢᠵᠦ ᠲᠣᠯᠣᠭᠠᠢ ᠡᠪᠡᠳᠬᠦ᠂ ᠠᠮᠠ ᠬᠠᠲᠠᠵᠤ ᠬᠥᠯᠥᠰᠦ ᠶᠡᠭᠡ ᠭᠠᠷᠬᠤ᠂ ᠳᠤᠷ᠎ᠠ ᠪᠣᠯᠭᠢᠵᠤ ᠪᠥᠭᠡᠯᠵᠢᠬᠦ᠂ ᠴᠢᠷᠠᠢ ᠬᠤᠵᠶᠢᠬᠤ᠂  ᠵᠢᠷᠦᠬᠡᠨ ᠴᠣᠬᠢᠯᠭ᠎ᠠ ᠲᠦᠷᠭᠡᠰᠬᠦ᠂ ᠤᠰᠤ ᠠᠯᠳᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ ᠨᠠᠷᠠᠰᠢᠭᠰᠠᠨ ᠪᠠᠶᠢᠬᠤ ᠮᠠᠭᠠᠳ ᠦᠭᠡᠢ᠃        ᠨᠠᠷᠠᠰᠢᠭᠰᠠᠨ ᠬᠡᠦᠬᠡᠳ ᠢ ᠬᠡᠷᠬᠢᠨ ᠠᠰᠠᠷᠠᠨ ᠬᠠᠷᠠᠭᠠᠯᠵᠠᠬᠤ ᠪᠣᠶ︖ ᠡᠷᠡᠭᠦᠯ ᠮᠡᠨᠳᠦ ᠶᠢᠨ ᠰᠠᠨᠠᠭᠤᠯᠤᠮᠵᠢ ᠳᠤ ᠬᠡᠷᠪᠡ ᠬᠡᠦᠬᠡᠳ ᠨᠠᠷᠠᠰᠢᠬᠤ ᠢᠯᠡᠷᠡᠯ ᠲᠠᠢ  ᠪᠠᠶᠢᠪᠠᠯ᠂ ︽ᠨᠢᠭᠡ ᠳᠤ ᠨᠡᠭᠦᠯᠭᠡᠬᠦ᠂ ᠬᠤᠶᠠᠷ ᠲᠤ ᠪᠠᠭᠤᠷᠠᠭᠤᠯᠬᠤ᠂ ᠭᠤᠷᠪᠠ ᠳᠤ ᠨᠥᠬᠦᠪᠦᠷᠢᠯᠡᠬᠦ᠂ ᠳᠥᠷᠪᠡ ᠳᠤ ᠰᠢᠯᠵᠢᠭᠦᠯᠬᠦ︾ ᠵᠠᠷᠴᠢᠮ ᠢᠶᠠᠷ ᠰᠢᠢᠳᠪᠦᠷᠢᠯᠡᠨ᠎ᠡ᠄  ᠨᠡᠭᠦᠭᠡᠯᠭᠡᠬᠦ ᠭᠡᠳᠡᠭ ᠨᠢ ᠬᠡᠦᠬᠡᠳ ᠢ ᠥᠨᠳᠥᠷ ᠬᠠᠯᠠᠭᠤᠨ᠂ ᠥᠨᠳᠥᠷ ᠴᠢᠭᠢᠭᠯᠢᠭ᠂ ᠪᠢᠲᠡᠭᠦᠮᠵᠢᠯᠡᠭᠰᠡᠨ᠂ ᠨᠡᠷᠡᠨ ᠳᠤ ᠰᠢᠷᠠᠭᠳᠠᠭᠰᠠᠨ ᠣᠷᠴᠢᠨ ᠠᠴᠠ ᠦᠳᠲᠡᠷ  ᠲᠦᠷᠭᠡᠨ ᠵᠠᠶᠢᠯᠠᠭᠤᠯᠵᠤ᠂ ᠰᠡᠷᠢᠭᠦᠨ ᠭᠠᠵᠠᠷ ᠰᠢᠯᠵᠢᠭᠦᠯᠦᠨ᠎ᠡ︔ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠪᠣᠯ ᠨᠠᠷᠠᠰᠢᠭᠰᠠᠨ ᠠᠴᠠ ᠲᠦᠷᠭᠡᠨ ᠠᠪᠤᠷᠠᠬᠤ  ᠬᠠᠮᠤᠭ ᠤᠨ ᠴᠢᠬᠤᠯᠠ ᠠᠷᠭ᠎ᠠ ᠬᠡᠮᠵᠢᠶ᠎ᠡ ᠮᠥᠨ᠂ ᠨᠠᠷᠠᠰᠢᠭᠰᠠᠨ ᠤ ᠳᠠᠷᠠᠭ᠎ᠠ 30 ᠮᠢᠨᠦ᠋ᠲ ᠤᠨ ᠳᠣᠲᠣᠷ᠎ᠠ ᠡᠷᠬᠡᠪᠰᠢ ᠠᠯᠢ ᠲᠦᠷᠭᠡᠨ ᠢᠶᠠᠷ 40 ᠭᠷᠡᠳᠦ᠋ᠰ ᠠᠴᠠ  ᠳᠣᠷᠣᠭᠰᠢ ᠪᠣᠯᠲᠠᠯ᠎ᠠ ᠪᠠᠭᠤᠷᠠᠭᠤᠯᠵᠤ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠳᠤ ᠬᠤᠪᠴᠠᠰᠤ ᠬᠤᠨᠠᠷ ᠢ ᠨᠢ ᠲᠠᠶᠢᠯᠬᠤ᠂ ᠪᠦᠯᠢᠶᠡᠨ ᠤᠰᠤ ᠪᠠᠷ ᠪᠦᠬᠦ  ᠪᠡᠶ᠎ᠡ ᠶᠢ ᠨᠢ ᠵᠦᠯᠭᠦᠬᠦ᠂ ᠰᠠᠯᠬᠢᠨ ᠰᠡᠩᠰᠡ ᠪᠤᠶᠤ ᠠᠭᠠᠷ ᠲᠣᠬᠢᠷᠠᠭᠤᠯᠤᠭᠴᠢ ᠪᠠᠷ ᠢᠯᠴᠢ ᠰᠠᠷᠨᠢᠭᠤᠯᠬᠤ ᠵᠡᠷᠭᠡ ᠪᠠᠭᠲᠠᠨ᠎ᠠ︔ ᠬᠡᠦᠬᠡᠳ ᠨᠠᠷᠠᠰᠢᠪᠠᠯ ᠦᠷᠭᠦᠯᠵᠢ ᠤᠰᠤ  ᠠᠯᠳᠠᠬᠤ ᠪᠠ ᠴᠠᠬᠢᠯᠭᠠᠨ ᠵᠠᠳᠠᠯᠤᠭᠳᠠᠬᠤᠨ ᠰᠠᠮᠠᠭᠤᠷᠠᠬᠤ ᠪᠠᠶᠢᠳᠠᠯ ᠭᠠᠷᠳᠠᠭ᠂ ᠡᠶᠢᠮᠦ ᠠᠴᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠬᠡᠦᠬᠡᠳ ᠲᠤ ᠬᠡᠪ ᠤᠨ  ᠳᠤᠯᠠᠭᠠᠨ ᠲᠠᠢ ᠤᠰᠤ ᠪᠤᠶᠤ ᠴᠠᠬᠢᠯᠭᠠᠨ ᠵᠠᠳᠠᠯᠤᠭᠳᠠᠬᠤᠨ ᠤ ᠤᠮᠳᠠᠭᠠᠨ ᠤᠤᠭᠤᠯᠭᠠᠪᠠᠯ ᠵᠣᠬᠢᠨ᠎ᠠ︔ ᠬᠦᠨᠳᠦ ᠬᠡᠯᠪᠡᠷᠢ ᠶᠢᠨ ᠨᠠᠷᠠᠰᠢᠭᠰᠠᠨ᠂ ᠢᠯᠠᠩᠭᠤᠶ᠎ᠠ ᠶᠡᠭᠡ  ᠬᠠᠯᠠᠭᠤᠷᠠᠬᠤ᠂ ᠤᠬᠠᠭᠠᠨ ᠰᠠᠨᠠᠭ᠎ᠠ ᠪᠠᠯᠠᠷᠠᠬᠤ᠂ ᠲᠠᠲᠠᠪᠠᠯᠵᠠᠬᠤ ᠵᠡᠷᠭᠡ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠢᠯᠡᠷᠡᠯ ᠲᠠᠢ ᠬᠡᠦᠬᠡᠳ ᠢ ᠳᠠᠷᠤᠶᠢᠬᠠᠨ ᠣᠶᠢᠷ᠎ᠠ  ᠬᠠᠪᠢ ᠶᠢᠨ ᠡᠮᠨᠡᠯᠭᠡ ᠶᠢᠨ ᠬᠤᠷᠢᠶ᠎ᠠ ᠳᠤ ᠬᠦᠷᠭᠡᠵᠦ ᠡᠮᠨᠡᠭᠦᠯᠬᠦ ᠬᠡᠷᠡᠭᠲᠡᠢ᠃    
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ